ᠬᠦᠷᠢᠶ᠎ᠡ ᠬᠤᠰᠢᠭᠤ ᠠᠩᠬᠠᠳᠤᠭᠠᠷ ᠬᠤᠭᠤᠴᠠᠭᠠᠨ ᠤ ᠨᠠᠰᠤᠲᠠᠶᠢᠴᠤᠳ ᠤᠨ ᠰᠣᠶᠣᠯ ᠤᠷᠠᠯᠢᠭ ᠤᠨ ᠨᠠᠶᠢᠷ ᠤᠨ ᠲᠤᠰᠬᠠᠶ ᠤᠷᠠᠨ ᠰᠠᠶᠢᠬᠠᠨ ᠤ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2024/9/13
  9 ᠰᠠᠷ᠎ᠠ ᠶᠢᠨ 12 ᠤᠨ ᠡᠳᠦᠷ᠂ ᠬᠦᠷᠢᠶ᠎ᠡ ᠬᠤᠰᠢᠭᠤᠨ ᠤ ᠠᠩᠬᠠᠳᠤᠭᠠᠷ ᠬᠤᠭᠤᠴᠠᠭᠠᠨ ᠤ ᠨᠠᠰᠤᠲᠠᠶᠢᠴᠤᠳ ᠤᠨ ᠰᠣᠶᠣᠯ ᠤᠷᠠᠯᠢᠭ ᠤᠨ ᠨᠠᠶᠢᠷ ᠤᠨ ᠲᠤᠰᠬᠠᠶ ᠤᠷᠠᠨ ᠰᠠᠶᠢᠬᠠᠨ ᠤ ᠲᠣᠭᠯᠠᠯᠲᠠ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠰᠣᠶᠣᠯ ᠤᠨ ᠠᠵᠢᠯᠯᠠᠭᠠᠨ ᠤ ᠲᠥᠪ ᠲᠤ ᠶᠠᠪᠤᠭᠳᠠᠪᠠ᠃ ᠲᠣᠭᠯᠠᠯᠲᠠ ᠨᠢ ᠪᠠᠶᠠᠰᠬᠤᠯᠠᠩᠲᠤ ᠳᠡᠪᠢᠭᠦᠷ ᠪᠥᠵᠢᠭ ᠤᠨ ᠳᠤᠮᠳᠠ ᠬᠥᠰᠢᠭᠡ ᠪᠠᠨ ᠰᠡᠬᠦᠪᠡ᠃ ᠠᠭᠤᠳᠠᠮ ᠲᠠᠯᠠᠪᠠᠶ ᠶᠢᠨ ᠪᠥᠵᠢᠭ ︽ᠠᠮᠢᠵᠢᠷᠠᠯ ᠤᠨ ᠬᠦᠴᠦᠨᠲᠦ ᠳᠤᠮᠳᠠᠳᠤ ᠤᠯᠤᠰ︾᠂ ᠡᠮᠡᠭᠲᠡᠶ ᠶᠢᠨ ᠭᠤᠴᠣᠯᠠᠯ ᠳᠠᠭᠤᠤ ︽ᠠᠪᠤ ᠡᠵᠢ ᠶᠢᠨ ᠨᠤᠲᠤᠭ ᠤᠰᠤᠨ︾᠂ ᠰᠢᠯᠦᠭ ᠤᠨ ᠤᠶᠠᠩᠭᠠᠯᠠᠯ ᠤᠩᠰᠢᠬᠤ ︽ᠮᠠᠨ ᠤ ᠨᠠᠮ ᠢᠶᠠᠨ ᠵᠥᠩᠨᠡᠶ᠎ᠡ︾ ᠵᠡᠷᠭᠡ 14 ᠭᠤᠶᠢᠳᠠ ᠰᠠᠶᠢᠬᠠᠨ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠨᠠᠰᠤᠲᠠᠶᠢᠴᠤᠳ ᠣᠷᠭᠢᠯᠤᠮ᠎ᠠ ᠬᠠᠯᠠᠭᠤᠨ ᠰᠡᠳᠬᠢᠯᠭᠡ ᠪᠠ ᠤᠷ᠎ᠠ ᠴᠢᠳᠠᠪᠤᠷᠢ ᠪᠠᠷ ᠢᠶᠠᠨ ᠲᠡᠳᠡᠨ ᠤ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ︽ᠠᠨᠠᠷ ᠤᠨ ᠦᠷ᠎ᠡ ᠰᠢᠭ ᠰᠡᠳᠬᠢᠯ ᠵᠢᠷᠦᠬᠡ ᠪᠠᠨ ᠬᠤᠯᠪᠣᠵᠤ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号