1 — 8 ᠳ᠋ᠤᠭᠠᠷ ᠰᠠᠷ᠎ᠠ ᠳᠤ ᠪᠥᠬᠦ ᠣᠷᠣᠨ ᠤ ᠡᠨᠧᠷᠭᠢ ᠶᠢᠨ ᠭᠤᠣᠯ ᠦᠢᠯᠡᠳᠬᠦᠨ ᠤ ᠭᠠᠷᠤᠯᠲᠠ ᠪᠥᠬᠦ | ᠤᠯᠤᠰ ᠤᠨ ᠡᠮᠦᠨ᠎ᠡ ᠡᠩᠨᠡᠭᠡᠨ ᠳᠤ ᠣᠷᠤᠪᠠ᠃ 1 — 8 ᠳ᠋ᠤᠭᠠᠷ ᠰᠠᠷ᠎ᠠ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠢ ᠨᠡᠭᠦᠷᠡᠰᠦᠨ ᠤ ᠭᠠᠷᠤᠯᠲᠠ 8.41 | ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠨ᠂ ᠪᠥᠬᠦ | ᠤᠯᠤᠰ ᠤᠨ ᠲᠦᠭᠦᠬᠡᠢ ᠨᠡᠭᠦᠷᠡᠰᠦᠨ ᠤ ᠭᠠᠷᠤᠯᠲᠠ ᠶᠢᠨ 27.5% ᠶᠢ ᠡᠵᠡᠯᠡᠵᠦ᠂ ᠪᠥᠬᠦ ᠤᠯᠤᠰ ᠲᠤ | ᠨᠢᠭᠡᠳᠦᠭᠡᠷ ᠲᠤ ᠣᠷᠣᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ | ᠬᠡᠮᠵᠢᠶ᠎ᠡ 5344.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10. | 4% ᠪᠠᠷ ᠨᠡᠮᠡᠭᠳᠡᠵᠦ᠂ ᠪᠦᠬᠦ ᠤᠯᠤᠰ ᠤᠨ ᠴᠠᠬᠢᠯᠭᠠᠨ ᠭᠠᠷᠭᠠᠭᠰᠠᠨ ᠬᠡᠮᠵᠢᠶᠡᠨ ᠤ 8.6% ᠶᠢ ᠡᠵᠡᠯᠡᠵᠦ᠂ ᠪᠦᠬᠦ | ᠤᠯᠤᠰ ᠲᠤ ᠨᠢᠭᠡᠳᠦᠭᠡᠷ ᠲᠤ ᠣᠷᠣᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠩᠭᠡᠨᠵᠢᠮᠡᠯ | ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ 393.7 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.5% ᠪᠠᠷ ᠨᠡᠮᠡᠭᠳᠡᠵᠦ᠂ ᠪᠦᠬᠦ ᠤᠯᠤᠰ ᠤᠨ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ | ᠬᠡᠢ ᠶᠢᠨ ᠭᠠᠷᠤᠯᠲᠠ ᠶᠢᠨ 25.5% ᠶᠢ ᠡᠵᠡᠯᠡᠵᠦ᠂ ᠪᠦᠬᠦ ᠤᠯᠤᠰ ᠲᠤ ᠨᠢᠭᠡᠳᠦᠭᠡᠷ ᠲᠤ ᠣᠷᠣᠪᠠ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠡᠦᠷᠡᠰᠦ ᠶᠢᠨ ᠭᠠᠷᠤᠯᠲᠠ 3305.2 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 1% ᠪᠠᠷ ᠪᠠᠭᠤᠷᠠᠵᠤ᠂ ᠪᠦᠬᠦ ᠤᠯᠤᠰ ᠤᠨ ᠬᠡᠦᠷᠡᠰᠦ ᠶᠢᠨ | ᠭᠠᠷᠤᠯᠲᠠ ᠶᠢᠨ 10.2% ᠢ ᠡᠵᠡᠯᠡᠵᠦ᠂ ᠪᠦᠬᠦ ᠤᠯᠤᠰ ᠲᠤ ᠬᠤᠶᠠᠳᠤᠭᠠᠷ ᠲᠤ ᠣᠷᠣᠪᠠ᠃ ︵ᠲᠤᠭ᠎ᠠ | ᠪᠦᠷᠢᠳᠬᠡᠯ ᠤᠨ ᠲᠣᠪᠴᠢᠶ᠎ᠠ︶ |