ᠨᠠᠮᠤᠷ ᠤᠨ ᠤᠯᠠᠷᠢᠯ ᠳᠤ ᠰᠠᠭᠠᠯᠢ ᠶᠢᠨ ᠦᠨᠢᠶᠡᠨ ᠤ ᠠᠮᠠᠷᠬᠠᠨ ᠡᠭᠦᠰᠬᠦ ᠡᠪᠡᠳᠴᠢᠨ ᠬᠢᠭᠡᠳ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2024/9/27
  ᠵᠤᠨ ᠨᠠᠮᠤᠷ ᠤᠨ ᠠᠭᠤᠯᠵᠠᠷ ᠲᠤ᠂ ᠠᠭᠠᠷ ᠤᠨ ᠳᠤᠯᠠᠭᠠᠨ ᠤ ᠬᠤᠪᠢᠷᠠᠯᠲᠠ ᠶᠡᠭᠡ᠂ ᠠᠭᠤᠷ ᠠᠮᠢᠰᠬᠤᠯ ᠭᠡᠨᠡᠳᠲᠡ ᠬᠦᠢᠲᠡᠨ ᠭᠡᠨᠡᠳᠲᠡ ᠬᠠᠯᠠᠭᠤᠨ ᠪᠣᠯᠵᠤ᠂ ᠰᠠᠭᠠᠯᠢ ᠶᠢᠨ ᠦᠨᠢᠶᠡᠨ ᠤ ᠡᠪᠡᠳᠴᠢᠨ ᠢ ᠡᠰᠡᠷᠭᠦᠴᠡᠬᠦ ᠴᠢᠳᠠᠪᠤᠷᠢ ᠨᠢ ᠳᠣᠷᠣᠭᠰᠢᠯᠠᠵᠤ᠂ ᠡᠭᠦᠨ ᠤ ᠳᠠᠭᠠᠤ ᠨᠠᠮᠤᠷ ᠣᠷᠣᠭᠰᠠᠨ ᠤ ᠳᠠᠷᠠᠭ᠎ᠠ᠂ ᠠᠭᠠᠷ ᠤᠨ ᠳᠤᠯᠠᠭᠠᠨ ᠨᠢ ᠪᠠᠺᠲ᠋ᠧᠷᠢ ᠶᠢᠨ ᠥᠰᠴᠦ ᠦᠷᠡᠵᠢᠬᠦ ᠳᠤ ᠲᠣᠬᠢᠷᠠᠮᠵᠢᠲᠠᠢ ᠪᠣᠯᠵᠤ᠂ ᠰᠠᠭᠠᠯᠢ ᠶᠢᠨ ᠦᠨᠢᠶ᠎ᠡ ᠨᠢ ᠮᠠᠰᠢ ᠠᠮᠠᠷᠬᠠᠨ ᠸᠢᠷᠦ᠋ᠰ ᠲᠤ ᠬᠠᠯᠳᠠᠪᠤᠷᠢᠯᠠᠭᠳᠠᠵᠤ᠂ ᠣᠨᠴᠠᠭᠠᠶᠢᠯᠠᠨ ᠠᠮᠠᠷᠬᠠᠨ ᠠᠮᠢᠰᠬᠤᠯ ᠤᠨ ᠰᠢᠰᠲ᠋ᠧᠮ ᠤᠨ ᠡᠪᠡᠳᠴᠢᠨ ᠳᠤ ᠨᠡᠷᠪᠡᠭᠳᠡᠳᠡᠭ᠃ ᠰᠠᠭᠠᠯᠢ ᠶᠢᠨ ᠦᠨᠢᠶᠡᠨ ᠤ ᠡᠪᠡᠳᠴᠢᠨ ᠡᠮᠭᠡᠭ ᠡᠭᠦᠰᠬᠦ ᠪᠠ ᠬᠢᠵᠢᠭ ᠡᠪᠡᠳᠴᠢᠨ ᠳᠡᠯᠭᠡᠷᠡᠬᠦ ᠶᠢ ᠰᠡᠷᠭᠡᠶᠢᠯᠡᠬᠦ ᠶᠢᠨ ᠲᠤᠰᠠᠳᠠ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠨᠢ ᠨᠠᠮᠤᠷ ᠤᠨ ᠤᠯᠠᠷᠢᠯ ᠤᠨ ᠰᠠᠭᠠᠯᠢ ᠶᠢᠨ ᠦᠨᠢᠶ᠎ᠡ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ᠰᠠᠭᠠᠯᠢ ᠶᠢᠨ ᠦᠨᠢᠶ᠎ᠡ ᠶᠢᠨ ᠡᠷᠡᠭᠦᠯ ᠮᠡᠨᠳᠤ ᠳᠤ ᠠᠰᠢᠭᠲᠠᠢ ᠪᠠᠶᠢᠯᠭᠠᠬᠤ ᠬᠡᠷᠡᠭᠲᠡᠢ᠃    ᠠᠷᠠᠴᠢᠯᠠᠭ᠎ᠠ ᠬᠠᠮᠢᠶᠠᠷᠤᠯᠲᠠ ᠶᠢ ᠴᠢᠩᠭᠠᠳᠬᠠᠵᠤ᠂ ᠡᠪᠡᠳᠴᠢᠨ ᠡᠮᠭᠡᠭ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠲᠡᠵᠢᠭᠡᠨ ᠠᠷᠠᠴᠢᠯᠠᠭᠴᠢ ᠠᠴᠠ ᠦᠬᠡᠷ ᠤᠨ ᠠᠮᠢᠰᠬᠤᠯ᠂ ᠨᠢᠳᠦ᠂ ᠬᠠᠮᠠᠷ ᠵᠡᠷᠭᠡ ᠭᠠᠳᠠᠷ ᠡᠷᠬᠡᠲᠡᠨ ᠤ ᠢᠯᠡᠷᠡᠯ ᠢ ᠦᠷᠭᠦᠯᠵᠢ ᠪᠠᠶᠢᠴᠠᠭᠠᠨ ᠦᠵᠡᠵᠦ ᠠᠩᠬᠠᠷᠬᠤ ᠬᠡᠷᠡᠭᠲᠡᠢ︔ ᠦᠬᠡᠷ ᠤᠨ ᠪᠡᠶ᠎ᠡ ᠶᠢᠨ ᠳᠤᠯᠠᠭᠠᠨ ᠢ ᠬᠡᠮᠵᠢᠨ᠎ᠡ︔ ᠦᠬᠡᠷ ᠤᠨ ᠢᠳᠡᠰᠢᠯᠡᠬᠦ᠂ ᠬᠡᠪᠢᠬᠦ᠂ ᠪᠠᠭᠠᠰᠤ ᠰᠢᠭᠡᠰᠦᠨ ᠤ ᠬᠤᠪᠢᠷᠠᠯᠲᠠ ᠶᠢ ᠠᠩᠬᠠᠷᠬᠤ ᠬᠡᠷᠡᠭᠲᠡᠢ︔ ᠤᠰᠤ ᠤᠮᠳᠠ ᠶᠢᠨ ᠠᠷᠢᠭᠤᠨ ᠴᠡᠪᠡᠷ ᠢ ᠠᠩᠬᠠᠷᠴᠤ᠂ ᠭᠦᠢᠴᠡᠳ ᠤᠰᠤ ᠬᠠᠩᠭᠠᠨ᠎ᠠ︔ ᠦᠬᠡᠷ ᠤᠨ ᠬᠠᠰᠢᠶ᠎ᠠ ᠶᠢ ᠬᠠᠭᠤᠷᠠᠢ ᠪᠠᠶᠢᠯᠭᠠᠵᠤ᠂ ᠰᠠᠯᠬᠢ ᠨᠡᠪᠲᠡᠷᠡᠭᠦᠯᠦᠨ᠎ᠡ︔ ᠪᠠᠭᠠᠰᠤ ᠰᠢᠭᠡᠰᠦ ᠶᠢ ᠴᠠᠭ ᠲᠤᠬᠠᠢ ᠳᠤᠨᠢ ᠴᠡᠪᠡᠷᠯᠡᠨ ᠠᠷᠢᠯᠭᠠᠵᠤ᠂ ᠪᠠᠺᠲ᠋ᠧᠷᠢ ᠶᠢᠨ ᠦᠷᠡᠵᠢᠯᠲᠡ ᠶᠢ ᠪᠠᠭᠠᠰᠬᠠᠨ᠎ᠠ︔ ᠵᠣᠬᠢᠬᠤ ᠬᠡᠮᠵᠢᠶ᠎ᠡ ᠪᠠᠷ ᠠᠷᠠᠴᠢᠯᠠᠨ ᠲᠡᠵᠢᠭᠡᠬᠦ ᠨᠢᠭᠲᠠᠴᠠ ᠶᠢ ᠪᠠᠲᠤᠯᠠᠵᠤ᠂ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠢ︔ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠠᠵᠢᠯᠲᠠᠳ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠦᠨ᠂ ᠨᠠᠷᠢᠨ ᠨᠢᠮᠪᠠᠢ ᠬᠠᠮᠢᠶᠠᠷᠬᠤ ᠪᠠ ᠠᠵᠢᠭᠯᠠᠵᠤ᠂ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠬᠦ ᠪᠠ ᠲᠤᠰᠬᠠᠬᠤ ᠬᠡᠷᠡᠭᠲᠡᠢ᠃    ᠬᠢᠵᠢᠭ ᠢ ᠰᠡᠷᠭᠡᠶᠢᠯᠡᠨ ᠠᠷᠢᠭᠤᠳᠬᠠᠬᠤ ᠠᠵᠢᠯ ᠢ ᠴᠢᠩᠭᠠᠳᠬᠠᠵᠤ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠰᠠᠶᠢᠲᠤᠷ ᠬᠢᠬᠦ ᠬᠡᠷᠡᠭᠲᠡᠢ᠃ ᠨᠠᠮᠤᠷ ᠤᠨ ᠤᠯᠠᠷᠢᠯ ᠤᠨ ᠠᠭᠠᠷ ᠤᠨ ᠳᠤᠯᠠᠭᠠᠨ ᠨᠢ ᠪᠠᠺᠲ᠋ᠧᠷᠢ ᠦᠷᠡᠵᠢᠬᠦ ᠳᠤ ᠲᠣᠬᠢᠷᠠᠮᠵᠢᠲᠠᠢ ᠲᠤᠯᠠ ᠰᠠᠭᠠᠯᠢ ᠶᠢᠨ ᠦᠨᠢᠶᠡᠨ ᠤ ᠲᠠᠯᠠᠪᠠᠢ ᠶᠢᠨ ᠬᠢᠵᠢᠭ ᠢ ᠰᠡᠷᠭᠡᠶᠢᠯᠡᠬᠦ ᠠᠷᠢᠭᠤᠳᠬᠠᠯ ᠢ ᠴᠢᠩᠭᠠᠳᠬᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠰᠠᠶᠢᠲᠤᠷ ᠬᠠᠮᠠᠭᠠᠯᠠᠬᠤ ᠬᠡᠷᠡᠭᠲᠡᠢ᠃ ᠦᠬᠡᠷ ᠤᠨ ᠲᠠᠯᠠᠪᠠᠢ ᠶᠢᠨ ᠦᠢᠯᠡᠳᠪᠦᠷᠢᠯᠡᠯ ᠤᠨ ᠲᠣᠭᠤᠷᠢᠭ ᠪᠠ ᠦᠬᠡᠷ ᠤᠨ ᠬᠠᠰᠢᠶ᠎ᠠ ᠶᠢᠨ ᠣᠷᠣᠵᠤ ᠭᠠᠷᠬᠤ ᠠᠮᠠ ᠳᠤ ᠠᠷᠢᠭᠤᠳᠬᠠᠬᠤ ᠲᠠᠲᠠᠭᠠᠯ᠂ ᠠᠷᠢᠭᠤᠳᠬᠠᠬᠤ ᠲᠠᠰᠤᠭ ᠭᠠᠷᠭᠠᠨ᠎ᠠ᠃  ᠠᠷᠢᠭᠤᠳᠬᠠᠬᠤ  ᠲᠠᠲᠠᠭᠠᠯ ᠳᠤ 2% ᠤᠨ  ᠢᠳᠡᠮᠡᠬᠡᠢ  ᠱᠦᠯᠲᠦ ᠪᠠᠷ  ᠠᠷᠢᠭᠤᠳᠬᠠᠬᠤ  ᠰᠢᠩᠭᠡᠨ ᠢᠶᠠᠨ ᠪᠣᠯᠭᠠᠵᠤ᠂ ᠭᠠᠷᠠᠭ ᠪᠦᠷᠢ 1 — 2 ᠤᠳᠠᠭ᠎ᠠ ᠰᠣᠯᠢᠵᠤ᠂ ᠠᠷᠢᠭᠤᠳᠬᠠᠬᠤ ᠲᠠᠲᠠᠭᠠᠯ ᠳᠠᠬᠢ ᠠᠷᠢᠭᠤᠳᠬᠠᠬᠤ ᠡᠮ ᠤᠨ ᠰᠢᠩᠭᠡᠨ ᠤ ᠠᠰᠢᠭᠲᠤ ᠴᠢᠨᠠᠷ ᠢ ᠪᠠᠲᠤᠯᠠᠨ᠎ᠠ᠃ ᠲᠡᠵᠢᠭᠡᠨ ᠠᠷᠠᠴᠢᠯᠠᠭᠴᠢ᠂ ᠮᠠᠯ ᠤᠨ ᠡᠮᠴᠢ ᠡᠷᠬᠡᠪᠰᠢ ᠠᠷᠢᠭᠤᠳᠬᠠᠬᠤ ᠲᠠᠰᠤᠭ ᠢᠶᠠᠷ ᠳᠠᠮᠵᠢᠭᠤᠯᠤᠨ ᠦᠢᠯᠡᠳᠪᠦᠷᠢᠯᠡᠯ ᠤᠨ ᠲᠣᠭᠤᠷᠢᠭ ᠲᠤ ᠣᠷᠣᠵᠤ᠂ ᠠᠷᠢᠭᠤᠨ ᠴᠡᠪᠡᠷ ᠠᠵᠢᠯ ᠤᠨ ᠬᠤᠪᠴᠠᠰᠤ᠂ ᠠᠵᠢᠯ ᠤᠨ ᠮᠠᠯᠠᠭᠠᠢ᠂ ᠠᠵᠢᠯ ᠤᠨ ᠱᠠᠬᠠᠢ ᠡᠮᠦᠰᠴᠦ᠂ ᠠᠷᠢᠭᠤᠳᠬᠠᠬᠤ ᠰᠠᠪᠤᠩ ᠪᠤᠶᠤ ᠠᠷᠢᠭᠤᠳᠬᠠᠬᠤ ᠰᠢᠩᠭᠡᠨ ᠢᠶᠠᠷ ᠭᠠᠷ ᠢᠶᠠᠨ ᠤᠬᠢᠶᠠᠬᠤ ᠬᠡᠷᠡᠭᠲᠡᠢ᠃ ᠦᠬᠡᠷ ᠤᠨ ᠬᠠᠰᠢᠶ᠎ᠠ ᠪᠠ ᠦᠬᠡᠷ ᠤᠨ ᠬᠠᠰᠢᠶ᠎ᠠ ᠶᠢᠨ ᠡᠷᠬᠢᠨ ᠲᠣᠭᠤᠷᠢᠨ᠂ ᠲᠠᠮᠢᠷ ᠤᠨ ᠲᠠᠯᠠᠪᠠᠢ᠂ ᠵᠠᠮ ᠱᠤᠭᠤᠮ ᠢ ᠭᠠᠷᠠᠭ ᠪᠦᠷᠢ 2 ᠤᠳᠠᠭ᠎ᠠ ᠲᠣᠭᠲᠠᠭᠰᠠᠨ ᠬᠤᠭᠤᠴᠠᠭ᠎ᠠ ᠲᠠᠢ ᠪᠠᠷ ᠠᠷᠢᠭᠤᠳᠬᠠᠨ᠎ᠠ᠃ ᠡᠳ᠋ᠯᠡᠯ ᠬᠡᠷᠡᠭᠰᠡᠯ ᠢ ᠲᠠᠯᠠᠪᠠᠢ ᠳᠤ ᠣᠷᠣᠬᠤ ᠠᠴᠠ ᠡᠮᠦᠨ᠎ᠡ ᠰᠦᠷᠴᠢᠨ ᠠᠷᠢᠭᠤᠳᠬᠠᠵᠤ᠂ ᠬᠡᠷᠡᠭᠯᠡᠵᠦ ᠪᠠᠷᠠᠭᠰᠠᠨ ᠤ ᠳᠠᠷᠠᠭ᠎ᠠ ᠤᠬᠢᠶᠠᠨ ᠴᠡᠪᠡᠷᠯᠡᠵᠦ ᠠᠷᠢᠭᠤᠳᠬᠠᠨ᠎ᠠ᠃ ᠬᠠᠯᠳᠠᠪᠤᠷᠢᠲᠤ ᠡᠪᠡᠳᠴᠢᠨ ᠶᠠᠭ ᠡᠭᠦᠰᠴᠦ ᠪᠠᠶᠢᠭ᠎ᠠ ᠦᠬᠡᠷ ᠤᠨ ᠲᠠᠯᠠᠪᠠᠢ ᠳᠤ ᠡᠳᠦᠷ ᠪᠦᠷᠢ ᠦᠬᠡᠷ ᠤᠨ ᠬᠠᠰᠢᠶ᠎ᠠ ᠶᠢᠨ ᠳᠣᠲᠣᠷ᠎ᠠ ᠭᠠᠳᠠᠨ᠎ᠠ ᠠᠴᠠ ᠦᠬᠡᠷ ᠢ ᠠᠷᠢᠭᠤᠳᠬᠠᠨ᠎ᠠ᠃    ᠲᠡᠵᠢᠭᠡᠯ ᠪᠣᠷᠳᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠠᠭᠠᠯᠢ ᠶᠢᠨ ᠦᠨᠢᠶᠡᠨ ᠤ ᠪᠡᠶ᠎ᠡ ᠶᠢ ᠴᠢᠭᠢᠷᠠᠭᠵᠢᠭᠤᠯᠤᠨ᠎ᠠ᠃ ᠠᠭᠠᠷ ᠤᠨ ᠳᠤᠯᠠᠭᠠᠨ ᠭᠡᠨᠡᠳᠲᠡ ᠬᠤᠪᠢᠷᠠᠵᠤ᠂ ᠰᠠᠭᠠᠯᠢ ᠶᠢᠨ ᠦᠨᠢᠶ᠎ᠡ ᠶᠢᠨ ᠡᠪᠡᠳᠴᠢᠨ ᠢ ᠡᠰᠡᠷᠭᠦᠴᠡᠬᠦ ᠴᠢᠳᠠᠯ ᠪᠠᠭᠤᠷᠠᠵᠤ᠂ ᠡᠳᠦᠷ ᠤᠨ ᠲᠡᠵᠢᠭᠡᠯ ᠤᠨ ᠰᠢᠮ᠎ᠡ ᠲᠡᠵᠢᠭᠡᠯ ᠤᠨ ᠠᠭᠤᠯᠤᠭᠳᠠᠴᠠ ᠶᠢ ᠨᠡᠮᠡᠭᠳᠡᠭᠦᠯᠦᠨ᠂ ᠪᠦᠳᠦᠭᠦᠯᠢᠭ ᠪᠣᠷᠳᠤᠭ᠎ᠠ ᠲᠡᠵᠢᠭᠡᠬᠦ ᠬᠡᠮᠵᠢᠶ᠎ᠡ ᠶᠢ ᠪᠠᠭᠠᠰᠬᠠᠵᠤ᠂ ᠨᠠᠷᠢᠯᠢᠭ ᠪᠣᠷᠳᠤᠭ᠎ᠠ ᠶᠢᠨ ᠬᠠᠷᠢᠴᠠᠯ ᠢ ᠳᠡᠭᠡᠭᠰᠢᠯᠡᠭᠦᠯᠦᠨ᠂ ᠡᠳᠦᠷ ᠤᠨ ᠲᠡᠵᠢᠭᠡᠯ ᠤᠨ ᠤᠭᠤᠷᠠᠭ ᠤᠨ ᠬᠡᠮᠵᠢᠶ᠎ᠡ ᠶᠢ ᠨᠡᠮᠡᠭᠳᠡᠭᠦᠯᠵᠦ᠂ ᠰᠠᠭᠠᠯᠢ ᠶᠢᠨ ᠦᠨᠢᠶ᠎ᠡ ᠶᠢ ᠴᠢᠭᠢᠷᠠᠭᠵᠢᠭᠤᠯᠤᠨ᠎ᠠ᠃ ᠨᠣᠭᠤᠭᠠᠨ ᠴᠢᠨᠠᠷ ᠰᠠᠶᠢᠲᠠᠢ ᠡᠪᠡᠰᠦ ᠪᠣᠷᠳᠤᠭ᠎ᠠ ᠶᠢ ᠢᠯᠡᠭᠦᠬᠡᠨ ᠲᠡᠵᠢᠭᠡᠵᠦ᠂ ᠴᠢᠨᠠᠷ ᠮᠠᠭᠤ ᠪᠦᠳᠦᠭᠦᠯᠢᠭ ᠪᠣᠷᠳᠤᠭ᠎ᠠ ᠶᠢ ᠦᠯᠦ ᠲᠡᠵᠢᠭᠡᠵᠦ᠂ ᠢᠳᠡᠰᠢ ᠶᠢᠨ ᠬᠡᠮᠵᠢᠶ᠎ᠡ ᠪᠠᠨ  ᠳᠡᠭᠡᠭᠰᠢᠯᠡᠭᠦᠯᠬᠦ  ᠬᠡᠷᠡᠭᠲᠡᠢ᠃  ᠡᠳᠦᠷ ᠤᠨ  ᠲᠡᠵᠢᠭᠡᠯ ᠳᠤ ᠺᠠᠯᠢ᠂  ᠨᠠᠳ᠋ᠷᠢ᠂  ᠮᠠᠭᠨᠢ  ᠵᠡᠷᠭᠡ  ᠡᠷᠦᠳᠡᠰᠦ  ᠪᠣᠯᠣᠨ  ᠸᠢᠲ᠋ᠠᠮᠢᠨ C᠂  ᠸᠢᠲ᠋ᠠᠮᠢᠨ  E  ᠪᠣᠯᠣᠨ B ᠲᠦᠷᠦᠯ ᠤᠨ ᠸᠢᠲ᠋ᠠᠮᠢᠨ ᠤ ᠬᠡᠮᠵᠢᠶ᠎ᠡ ᠶᠢ ᠨᠡᠮᠡᠭᠳᠡᠭᠦᠯᠦᠨ᠎ᠡ᠃ ᠬᠠᠯᠠᠭᠤᠨ ᠢ  ᠠᠷᠢᠯᠭᠠᠵᠤ  ᠬᠤᠣᠷ ᠢ ᠲᠠᠶᠢᠯᠬᠤ᠂ ᠰᠠᠯᠬᠢᠨ ᠢ ᠰᠡᠷᠭᠡᠶᠢᠯᠡᠵᠦ ᠬᠦᠢᠲᠡᠨ ᠢ ᠠᠷᠢᠯᠭᠠᠬᠤ᠂ ᠡᠭᠡᠯᠢᠯᠡᠬᠦ ᠴᠢᠳᠠᠯ ᠢ ᠨᠡᠮᠡᠭᠳᠡᠭᠦᠯᠬᠦ ᠬᠢᠲᠠᠳ ᠡᠪᠡᠰᠦᠨ ᠡᠮ ᠤᠨ ᠱᠥᠯᠥ ᠶᠢ ᠤᠤᠭᠤᠯᠭᠠᠵᠤ᠂ ᠰᠠᠭᠠᠯᠢ ᠶᠢᠨ ᠦᠨᠢᠶᠡᠨ ᠤ ᠡᠰᠡᠷᠭᠦᠴᠡᠬᠦ ᠴᠢᠳᠠᠯ ᠢ ᠨᠡᠮᠡᠭᠳᠡᠭᠦᠯᠦᠨ᠂ ᠡᠪᠡᠳᠴᠢᠨ ᠡᠮᠭᠡᠭ ᠡᠭᠦᠰᠬᠦ ᠶᠢ ᠰᠡᠷᠭᠡᠶᠢᠯᠡᠨ᠎ᠡ᠃ ᠡᠪᠡᠳᠴᠢᠯᠡᠭᠰᠡᠨ ᠰᠠᠭᠠᠯᠢ ᠶᠢᠨ ᠦᠨᠢᠶ᠎ᠡ ᠶᠢ ᠨᠠᠷᠢᠯᠢᠭ ᠪᠣᠷᠳᠤᠭ᠎ᠠ ᠪᠠᠷ ᠲᠡᠵᠢᠭᠡᠬᠦ ᠬᠡᠮᠵᠢᠶ᠎ᠡ ᠶᠢ ᠪᠠᠭᠠᠰᠬᠠᠵᠤ᠂ ᠰᠢᠭᠦᠰᠦᠯᠢᠭ ᠪᠣᠷᠳᠤᠭ᠎ᠠ ᠪᠠ ᠴᠢᠨᠠᠷ ᠰᠠᠶᠢᠲᠠᠢ ᠲᠡᠵᠢᠭᠡᠯ ᠡᠪᠡᠰᠦ ᠶᠢ ᠢᠯᠡᠭᠦᠬᠡᠨ ᠲᠡᠵᠢᠭᠡᠬᠦ ᠬᠡᠷᠡᠭᠲᠡᠢ᠃    ᠸᠠᠺᠼᠢᠨ ᠤ ᠲᠠᠷᠢᠯᠭ᠎ᠠ ᠶᠢ ᠰᠠᠶᠢᠲᠤᠷ ᠬᠢᠵᠦ᠂ ᠬᠢᠵᠢᠭ ᠢ ᠰᠡᠷᠭᠡᠶᠢᠯᠡᠬᠦ ᠵᠢᠷᠤᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠨᠠᠮᠤᠷ ᠤᠨ ᠤᠯᠠᠷᠢᠯ ᠳᠤ ᠰᠢᠯᠦᠬᠡᠢ ᠡᠪᠡᠳᠴᠢᠨ ᠤ ᠸᠠᠺᠼᠢᠨ ᠤ ᠠᠯᠪᠠᠳᠠᠯᠭ᠎ᠠ ᠶᠢᠨ ᠴᠢᠨᠠᠷᠲᠠᠢ ᠡᠭᠡᠯᠢᠯᠡᠭᠡ ᠶᠢ ᠴᠢᠩᠭᠠᠳᠬᠠᠵᠤ᠂ ᠢᠷᠡᠬᠦ ᠵᠢᠯ ᠤᠨ ᠬᠠᠪᠤᠷ ᠤᠨ ᠤᠯᠠᠷᠢᠯ ᠳᠤ ᠦᠬᠡᠷ ᠤᠨ ᠳᠡᠯᠭᠡᠷᠡᠬᠦ ᠬᠠᠯᠠᠭᠤᠨ ᠡᠪᠡᠳᠴᠢᠨ᠂ ᠦᠬᠡᠷ ᠤᠨ ᠴᠢᠰᠤ ᠦᠵᠢᠷᠡᠬᠦ ᠡᠪᠡᠳᠴᠢᠨ᠂ ᠦᠬᠡᠷ ᠤᠨ ᠪᠣᠭᠤᠮ᠎ᠠ ᠡᠪᠡᠳᠴᠢᠨ ᠤ ᠸᠠᠺᠼᠢᠨ ᠤ ᠲᠠᠷᠢᠯᠭ᠎ᠠ ᠶᠢᠨ ᠲᠥᠯᠥᠪᠯᠡᠭᠡ ᠪᠠ ᠸᠠᠺᠼᠢᠨ ᠢ ᠬᠤᠳᠠᠯᠳᠤᠨ ᠠᠪᠬᠤ ᠳᠠᠩᠰᠠᠯᠠᠯᠲᠠ ᠶᠢ ᠰᠠᠶᠢᠲᠤᠷ ᠬᠢᠬᠦ ᠬᠡᠷᠡᠭᠲᠡᠢ᠃ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠪᠠ ᠬᠠᠯᠳᠠᠪᠤᠷᠢᠲᠤ ᠡᠪᠡᠳᠴᠢᠨ ᠤ ᠲᠠᠷᠢᠯᠭ᠎ᠠ ᠬᠢᠵᠦ ᠦᠯᠦ ᠬᠠᠯᠳᠠᠭᠠᠬᠤ ᠠᠵᠢᠯ ᠢ ᠰᠠᠶᠢᠲᠤᠷ ᠬᠢᠵᠦ᠂ ᠤᠷᠢᠳᠴᠢᠯᠠᠨ ᠰᠡᠷᠭᠡᠶᠢᠯᠡᠵᠦ᠂ ᠬᠢᠵᠢᠭ ᠡᠪᠡᠳᠴᠢᠨ ᠡᠭᠦᠰᠬᠦ ᠶᠢ ᠪᠠᠭᠠᠰᠬᠠᠬᠤ ᠬᠡᠷᠡᠭᠲᠡᠢ᠃
 
ᠢᠷᠡᠯᠲᠡ᠄ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号