| | | | | ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠭᠠᠷᠤᠭ᠎ᠠ᠂ ᠰᠢᠨ᠎ᠡ ᠬᠦᠰᠡᠯ ᠡᠷᠡᠮᠡᠯᠵᠡᠯ᠃ 9 ᠰᠠᠷ᠎ᠠ ᠶᠢᠨ | 2 ᠤᠨ ᠡᠳᠦᠷ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠨᠠᠮᠤᠷ ᠤᠨ | ᠤᠯᠠᠷᠢᠯ ᠤᠨ ᠰᠤᠷᠭᠠᠭᠤᠯᠢ ᠡᠬᠢᠯᠡᠬᠦ ᠤᠯᠠᠷᠢᠯ ᠢᠶᠠᠨ ᠤᠭᠲᠤᠵᠤ᠂ ᠡᠯ᠎ᠡ ᠰᠤᠷᠭᠠᠭᠤᠯᠢ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠣᠯᠠᠨ ᠶᠠᠩᠵᠤ ᠶᠢᠨ ᠰᠤᠷᠭᠠᠭᠤᠯᠢ ᠡᠬᠢᠯᠡᠬᠦ ᠠᠩᠬᠠᠨ ᠤ | ᠬᠢᠴᠢᠶᠡᠯ ᠢ ᠥᠷᠨᠢᠭᠦᠯᠵᠦ᠂ ᠰᠤᠷᠤᠭᠴᠢᠳ ᠴᠤᠭ ᠵᠢᠪᠬᠤᠭ᠎ᠠ ᠪᠠᠳᠠᠷᠠᠩᠭᠤᠢ ᠰᠢᠨ᠎ᠡ ᠰᠤᠷᠤᠯᠭ᠎ᠠ ᠶᠢᠨ | ᠬᠤᠭᠤᠴᠠᠭ᠎ᠠ ᠪᠠᠨ ᠡᠬᠢᠯᠡᠭᠦᠯᠪᠡ᠃ | ᠰᠤᠷᠭᠠᠭᠤᠯᠢ ᠡᠬᠢᠯᠡᠭᠰᠡᠨ ᠠᠩᠬᠠᠨ ᠤ ᠡᠳᠦᠷ᠂ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ | ᠶᠢᠰᠦᠳᠦᠭᠡᠷ ᠣᠨ ᠤ ᠬᠤᠶᠠᠳᠤᠭᠠᠷ ᠠᠩᠭᠢ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠠᠩᠭᠢ ᠶᠢᠨ | ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠭᠰᠢ ᠰᠤᠷᠤᠭᠴᠢᠳ ᠺᠠᠷᠲ᠋ᠣᠨ ᠵᠢᠷᠤᠭ ᠤᠨ ᠤᠬᠠᠭᠤᠯᠭ᠎ᠠ ᠶᠢᠨ | ᠹᠢᠯᠢᠮ ︽ᠤᠯᠤᠰ ᠤᠨ ᠬᠡᠤᠬᠡᠳ︾ ᠢ ᠬᠠᠮᠲᠤ ᠪᠠᠷ ᠰᠣᠨᠢᠷᠬᠠᠭᠰᠠᠨ ᠪᠥᠭᠡᠳ ︽ᠶᠠᠭᠤ ᠶᠢ ᠤᠯᠤᠰ ᠣᠷᠣᠨ︾᠂ ︽ | ᠶᠠᠭᠤ ᠶᠢ ᠦᠨᠳᠦᠰᠦᠲᠡᠨ︾ ᠭᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠣᠶᠢᠯᠠᠭᠠᠯᠲᠠ ᠪᠠᠨ ᠰᠣᠯᠢᠯᠴᠠᠨ | ᠬᠤᠪᠢᠶᠠᠯᠴᠠᠪᠠ᠃ ᠣᠶᠢᠷ᠎ᠠ ᠶᠢᠨ ᠵᠢᠯ ᠳᠤ᠂ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ᠂ ᠭᠤᠤᠯ ᠰᠡᠳᠦᠪᠲᠦ ᠠᠵᠢᠯᠯᠠᠭ᠎ᠠ᠂ ᠨᠡᠶᠢᠭᠡᠮ ᠤᠨ ᠦᠢᠯᠡᠳᠦᠯᠭᠡ ᠵᠡᠷᠭᠡ ᠲᠠᠯ᠎ᠠ ᠪᠦᠬᠦᠨ ᠳᠤ | ᠠᠭᠤᠰᠬᠠᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠡᠳᠬᠢᠯ ᠤᠨ ᠭᠦᠨ ᠳᠤ | ᠦᠨᠳᠦᠰᠦᠯᠡᠭᠦᠯᠪᠡ᠃ | ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ | ᠴᠢᠩᠭᠠᠳᠬᠠᠵᠤ᠂ ᠡᠶ᠎ᠡ ᠵᠣᠬᠢᠴᠠᠩᠭᠤᠶ ᠠᠮᠤᠷ ᠲᠦᠪᠰᠢᠨ ᠰᠤᠷᠭᠠᠭᠤᠯᠢ ᠶᠢᠨ ᠣᠷᠴᠢᠨ ᠲᠣᠭᠤᠷᠢᠨ ᠢ ᠪᠣᠶ | ᠪᠣᠯᠭᠠᠬᠤ ᠶᠢᠨ ᠲᠥᠯᠥᠭᠡ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠭᠢ ᠬᠦᠷᠢᠶ᠎ᠡ ᠪᠠᠭ᠎ᠠ ᠰᠤᠷᠭᠠᠭᠤᠯᠢ ᠳᠤ ᠬᠦᠷᠴᠦ ︽ᠠᠶᠤᠯ ᠲᠦᠭᠰᠢᠭᠦᠷᠢ ᠶᠢ ᠮᠡᠳᠡᠵᠦ | ᠠᠶᠤᠯ ᠲᠦᠭᠰᠢᠭᠦᠷᠢ ᠠᠴᠠ ᠵᠠᠶᠢᠯᠠᠬᠤ︾ ᠵᠠᠮ ᠬᠠᠷᠢᠯᠴᠠᠭᠠᠨ ᠤ ᠠᠮᠤᠷ ᠲᠦᠪᠰᠢᠨ ᠤ ᠰᠤᠷᠭᠠᠭᠤᠯᠢ ᠡᠬᠢᠯᠡᠬᠦ | ᠠᠩᠬᠠᠨ ᠤ ᠬᠢᠴᠢᠶᠡᠯ ᠢ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠤᠷᠤᠭᠴᠢᠳ ᠤᠨ ᠡᠳᠦᠷ ᠲᠤᠲᠤᠮ ᠤᠨ ᠵᠠᠮ | ᠬᠠᠷᠢᠯᠴᠠᠭᠠᠨ ᠤ ᠶᠠᠪᠤᠵᠤ ᠰᠠᠭᠤᠬᠤ ᠣᠨᠴᠠᠯᠢᠭ ᠲᠤ ᠴᠢᠭᠯᠡᠭᠦᠯᠦᠨ᠂ ᠠᠷᠠᠳ ᠤᠨ ᠴᠠᠭᠳᠠᠭ᠎ᠠ ᠠᠴᠠ ᠳᠥᠭᠦᠮ | ᠣᠶᠢᠯᠠᠭᠠᠮᠵᠢᠲᠠᠶ᠂ ᠠᠮᠢᠳᠤᠯᠢᠭ ᠪᠥᠭᠡᠳ ᠰᠣᠨᠢᠷᠬᠠᠯᠲᠠᠶ ᠦᠭᠡ ᠬᠡᠯᠡ ᠪᠠᠷ ᠰᠤᠷᠤᠭᠴᠢᠳ ᠲᠤ ᠶᠠᠪᠠᠭᠠᠨ ᠶᠠᠪᠤᠬᠤ | ᠠᠮᠤᠷ ᠲᠦᠪᠰᠢᠨ᠂ ᠲᠡᠷᠭᠡᠨ ᠳᠤ ᠰᠠᠭᠤᠬᠤ ᠠᠮᠤᠷ ᠲᠦᠪᠰᠢᠨ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠤ | ᠮᠡᠳᠡᠯᠭᠡ ᠵᠢᠴᠢ ᠵᠠᠮ ᠬᠠᠷᠢᠯᠴᠠᠭᠠᠨ ᠤ ᠨᠡᠶᠢᠲᠡᠯᠢᠭ ᠠᠶᠤᠯ ᠲᠦᠭᠰᠢᠭᠦᠷᠢ ᠶᠢᠨ ᠦᠢᠯᠡ ᠠᠵᠢᠯᠯᠠᠭ᠎ᠠ ᠶᠢ ᠲᠠᠶᠢᠯᠪᠤᠷᠢᠯᠠᠨ | ᠥᠭᠴᠦ᠂ ᠰᠤᠷᠤᠭᠴᠢᠳ ᠢ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ | ᠵᠢᠷᠤᠮᠯᠠᠨ ᠰᠠᠬᠢᠵᠤ᠂ ᠠᠮᠤᠷ ᠲᠦᠪᠰᠢᠨ ᠪᠣᠯᠪᠠᠰᠤᠨ ᠢᠶᠠᠷ ᠶᠠᠪᠤᠵᠤ ᠰᠠᠭᠤᠬᠤ ᠰᠠᠶᠢᠨ ᠳᠠᠳᠬᠠᠯ ᠢ ᠪᠣᠶ ᠪᠣᠯᠬᠤ ᠲᠤᠬᠠᠢ | ᠬᠦᠮᠦᠵᠢᠯ ᠬᠢᠪᠡ᠃ | 9 ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ ᠪᠣᠯᠲᠠᠯ᠎ᠠ᠂ ᠪᠥᠬᠦ ᠬᠤᠰᠢᠭᠤᠨ ᠤ 49 ᠳᠤᠮᠳᠠᠳᠤ | ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠪᠦᠬᠦᠨ ᠢᠶᠠᠷ ᠢᠶᠠᠨ ᠰᠤᠷᠭᠠᠭᠤᠯᠢ ᠡᠬᠢᠯᠡᠵᠦ᠂ 1.8 ᠲᠦᠮᠡᠨ | ᠰᠣᠷᠣᠭᠴᠢ᠂ ᠬᠡᠤᠬᠡᠳ ᠪᠦᠬᠦᠨ ᠢᠶᠠᠷ ᠢᠶᠠᠨ ᠰᠤᠷᠭᠠᠭᠤᠯᠢ ᠳᠠᠭᠠᠨ ᠪᠤᠴᠠᠵᠤ ᠬᠢᠴᠢᠶᠡᠯ ᠣᠷᠣᠪᠠ᠃ |