ᠦᠰᠦᠭ ᠪᠢᠴᠢᠭ ᠤᠨ ᠲᠠᠶᠢᠯᠤᠮᠵᠢ᠄ 2025 ᠣᠨ ᠳᠤ ᠲᠦᠩᠯᠢᠶᠣᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠰᠤᠷᠤᠭᠴᠢᠳ ᠳᠠᠭᠠᠳᠬᠠᠯ ᠳᠤ ᠣᠷᠤᠯᠴᠠᠬᠤ ᠲᠤᠬᠠᠢ
ᠨᠡᠶᠢᠲᠡᠯᠡᠭᠰᠡᠨ ᠴᠠᠭ᠄
2024/9/5
    ᠰᠤᠷᠤᠭᠴᠢᠳ ᠡᠩ ᠤᠨ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠪᠠᠷᠢᠮᠵᠢᠶ᠎ᠠ ᠪᠠᠷ ᠲᠣᠰᠢᠶᠠᠨ᠎ᠠ᠄ ᠵᠢᠯ ᠳᠤ 400 ᠲᠥᠭᠦᠷᠢᠭ ᠪᠣᠯᠤᠨ᠎ᠠ᠃    ᠰᠦᠢᠳᠬᠡᠯ ᠲᠤᠰᠢᠶᠠᠬᠤ ᠠᠷᠭ᠎ᠠ ᠮᠠᠶ᠋ᠢᠭ᠄ ᠨᠢᠭᠡ ᠳᠤ᠂ ᠰᠦᠯᠵᠢᠶᠡᠨ ᠭᠠᠳᠠᠨ᠎ᠠ ᠰᠦᠢᠳᠬᠡᠯ ᠲᠣᠰᠢᠶᠠᠬᠤ ᠳᠠᠭᠠᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠤᠨ ᠴᠤᠩᠬᠤᠪᠴᠢ ᠳᠤ ᠬᠦᠷᠴᠦ ᠲᠣᠰᠢᠶᠠᠨ᠎ᠠ᠃ ᠬᠤᠶᠠᠷ ᠲᠤ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠳᠤ᠂ ᡁᠢ ᠹᠦ᠋ ᠪᠦᠦ ᠶᠢᠨ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠰᠦᠢᠳᠬᠡᠯ ᠲᠤᠰᠢᠶᠠᠬᠤ ᠰᠤᠪᠠᠭ᠂ ᠸᠢᠴᠠᠲ ᠤᠨ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠰᠦᠢᠳᠬᠡᠯ ᠲᠤᠰᠢᠶᠠᠬᠤ ᠰᠤᠪᠠᠭ᠂ ᠮᠥᠩᠬᠡ ᠰᠤᠪᠠᠭ ᠤᠨ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠰᠦᠢᠳᠬᠡᠯ ᠲᠤᠰᠢᠶᠠᠬᠤ ᠰᠤᠪᠠᠭ ᠢᠶᠠᠷ ᠲᠤᠰᠢᠶᠠᠨ᠎ᠠ᠃    ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ᠄ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ᠂ 2025 ᠣᠨ ᠤ 2 ᠰᠠᠷ᠎ᠠ ᠶᠢᠨ 28 ᠤ ᠡᠳᠦᠷ ᠪᠣᠯᠲᠠᠯ᠎ᠠ᠃    ᠬᠡᠯᠪᠠᠶᠢᠬᠦ ᠲᠥᠷᠥ ᠶᠢᠨ ᠪᠣᠳᠣᠯᠭ᠎ᠠ᠄ ᠰᠤᠷᠤᠭᠴᠢᠳ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠯ᠎ᠡ ᠵᠦᠢᠯ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠢ ᠭᠥᠷᠳᠡᠬᠦ ᠠᠴᠠ ᠭᠠᠳᠠᠨ᠎ᠠ᠂ ᠪᠠᠰᠠ ᠰᠠᠨᠠᠭᠠᠨ ᠳᠤ ᠥᠬᠡᠶ ᠰᠢᠷᠠᠭᠲᠤᠯ ᠤᠨ ᠡᠭᠦᠳᠡᠨ ᠡᠮᠨᠡᠯᠭᠡ ᠶᠢᠨ ᠬᠠᠷᠠᠭᠠᠯᠵᠠᠯ ᠢ ᠭᠥᠷᠳᠡᠵᠦ᠂ 75% ᠪᠠᠷ ᠲᠠᠩᠰᠠ ᠲᠠᠶᠢᠯᠵᠤ᠂ ᠣᠨ ᠳᠤ ᠨᠡᠶᠢᠲᠡ 2000 ᠲᠥᠭᠦᠷᠢᠭ ᠤᠨ ᠬᠢᠵᠠᠭᠠᠷᠯᠠᠭᠰᠠᠨ ᠲᠤᠭ᠎ᠠ ᠲᠠᠢ︔ ᠡᠮᠨᠡᠯᠭᠡ ᠳᠤ ᠰᠠᠭᠤᠭᠰᠠᠨ ᠲᠠᠩᠰᠠ ᠲᠠᠶᠢᠯᠬᠤ ᠬᠠᠷᠠᠭᠠᠯᠵᠠᠯ ᠨᠢ᠂ ᠡᠬᠢᠯᠡᠵᠦ ᠥᠭᠬᠦ ᠪᠠᠷᠢᠮᠵᠢᠶ᠎ᠠ ᠶᠢ ᠴᠢᠭ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠩ ᠤᠨ ᠰᠠᠭᠤᠭᠠᠯᠢ ᠠᠷᠠᠳ ᠤᠨ ᠬᠢ ᠠᠴᠠ 50% ᠪᠠᠷ ᠪᠠᠭᠤᠷᠠᠭᠤᠯᠤᠨ᠎ᠠ᠃    ᠡᠷᠬᠡᠪᠰᠢ ᠡᠷᠲᠡᠬᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠪᠡᠶᠡᠯᠡᠭᠦᠯᠵᠦ᠂  ᠮᠠᠷᠲᠠᠭᠳᠠᠬᠤ ᠠᠴᠠ  ᠪᠣᠯᠵᠤ ᠲᠥᠪᠯᠡᠷᠡᠭᠦᠯᠦᠨ  ᠰᠦᠢᠳᠭᠡᠯ ᠲᠤᠰᠢᠶᠠᠬᠤ  ᠬᠤᠭᠤᠴᠠᠭ᠎ᠠ ᠶᠢ  ᠠᠯᠳᠠᠬᠤ ᠠᠴᠠ ᠵᠠᠶᠢᠯᠠᠰᠬᠢᠵᠦ᠂ ᠭᠡᠷ ᠤᠨ ᠬᠥᠮᠦᠰ ᠪᠣᠯᠤᠨ ᠥᠪᠡᠷ ᠢᠶᠠᠨ ᠴᠠᠭ ᠲᠤᠬᠠᠢ ᠳᠤᠨᠢ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠢ ᠬᠦᠷᠲᠡᠵᠦ᠂ ᠡᠷᠡᠭᠦᠯ ᠮᠡᠨᠳᠦ ᠪᠠᠨ ᠬᠠᠮᠠᠭᠠᠯᠠᠵᠤ᠂ ᠰᠠᠨᠠᠭ᠎ᠠ ᠠᠮᠤᠷ ᠠᠵᠤ ᠲᠦᠷᠦᠭᠦ ᠪᠣᠯᠤᠭᠠᠰᠠᠢ᠃    ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠰᠦᠢᠳᠬᠡᠯ ᠲᠤᠰᠢᠶᠠᠬᠤ ᠬᠤᠶᠠᠷ ᠬᠡᠮᠵᠢᠯᠳᠦ ᠲᠡᠮᠳᠡᠭ᠄  
                   ᠲᠦᠩᠯᠢᠶᠣᠣ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ
 
ᠢᠷᠡᠯᠲᠡ᠄ ᠬᠦᠷᠢᠶ᠎ᠡ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号