ᠡᠯᠢᠭᠡᠨ ᠥᠭᠡᠬᠦᠵᠢᠯ ᠢ ᠤᠷᠢᠳᠴᠢᠯᠠᠨ ᠰᠡᠷᠭᠡᠶᠢᠯᠡᠶ᠎ᠡ
ᠨᠡᠶᠢᠲᠡᠯᠡᠭᠰᠡᠨ ᠴᠠᠭ᠄
2024/9/5
   ᠣᠳᠣᠬᠠᠨ ᠳᠤ᠂ ᠳᠡᠯᠡᠬᠡᠢ ᠶᠢᠨ ᠡᠯ᠎ᠡ ᠤᠯᠤᠰ ᠲᠤ ᠡᠯᠢᠭᠡᠨ ᠥᠭᠡᠬᠦᠵᠢᠯ ᠲᠠᠢ ᠬᠥᠮᠥᠰ ᠮᠠᠰᠢ ᠤᠯᠠᠨ ᠪᠣᠯᠤᠭᠰᠠᠨ ᠪᠠᠶᠢᠨ᠎ᠠ᠃ ᠡᠮᠴᠢᠯᠡᠭᠡᠨ ᠤ ᠪᠦᠷᠢᠳᠬᠡᠯ ᠢᠶᠠᠷ᠂ 25% ᠠᠴᠠ ᠳᠡᠭᠡᠭᠰᠢ ᠲᠣᠭᠠᠨ ᠤ ᠬᠥᠮᠥᠰ ᠨᠢᠭᠡᠨᠲᠡ ᠡᠯᠢᠭᠡᠨ ᠥᠭᠡᠬᠦᠵᠢᠯ ᠲᠠᠢ ᠪᠣᠯᠵᠠᠢ᠃ ᠨᠠᠩ ᠢᠯᠠᠩᠭᠤᠶ᠎ᠠ ᠮᠠᠷᠢᠶ᠎ᠠ ᠲᠠᠢ ᠬᠥᠮᠥᠨ᠂ ᠰᠢᠨ᠎ᠡ ᠬᠠᠭᠤᠴᠢᠨ ᠤ ᠰᠣᠯᠢᠯᠴᠠᠭ᠎ᠠ ᠮᠠᠭᠤᠵᠢᠷᠠᠭᠰᠠᠨ ᠬᠥᠮᠥᠨ᠂ ᠰᠢᠬᠢᠷ ᠰᠢᠵᠢᠩ ᠡᠪᠡᠳᠴᠢᠨ ᠲᠠᠢ ᠬᠥᠮᠥᠨ᠂ ᠤᠷᠳᠤ ᠬᠤᠭᠤᠴᠠᠭ᠎ᠠ ᠪᠠᠷ ᠠᠷᠢᠬᠢ ᠤᠤᠭᠤᠭᠰᠠᠨ ᠬᠥᠮᠥᠨ ᠤ ᠡᠯᠢᠭᠡᠨ ᠥᠭᠡᠬᠦᠵᠢᠯ ᠳᠤ ᠨᠡᠷᠪᠡᠭᠳᠡᠬᠦ ᠪᠣᠯᠣᠮᠵᠢ ᠨᠢ 50% ᠠᠴᠠ ᠳᠡᠭᠡᠭᠰᠢ ᠪᠠᠶᠢᠳᠠᠭ᠃   ᠡᠮᠴᠢᠯᠡᠭᠡᠨ ᠳᠤ ᠡᠯᠢᠭᠡᠨ ᠥᠭᠡᠬᠦᠵᠢᠯ ᠢ ᠬᠥᠩᠭᠡᠨ᠂ ᠳᠤᠮᠳᠠ᠂ ᠬᠦᠨᠳᠦ ᠬᠡᠮᠡᠬᠦ ᠭᠤᠷᠪᠠᠨ ᠲᠠᠰ ᠬᠤᠪᠢᠶᠠᠳᠠᠭ᠂ ᠬᠥᠩᠭᠡᠨ ᠲᠠᠰ 5% — 32%᠂ ᠳᠤᠮᠳᠠ ᠵᠡᠷᠭᠡ ᠶᠢᠨ ᠲᠠᠰ 33% — 65%᠂ ᠬᠦᠨᠳᠦ ᠲᠠᠰ 66%  ᠠᠴᠠ ᠳᠡᠭᠡᠭᠰᠢ ᠥᠭᠡᠬᠦᠯᠡᠬᠦ ᠶᠢ ᠬᠡᠯᠡᠨ᠎ᠡ᠃ ᠬᠡᠷᠪᠡ ᠡᠯᠢᠭᠡᠨ ᠥᠭᠡᠬᠦᠵᠢᠯ ᠢ ᠬᠠᠮᠢᠶᠠᠷᠬᠤ ᠦᠭᠡᠢ ᠪᠣᠯ ᠡᠯᠢᠭᠡᠨ ᠥᠭᠡᠬᠦᠵᠢᠯ ᠠᠴᠠ ᠠᠭᠠᠵᠢᠮ ᠢᠶᠠᠷ ᠥᠭᠡᠬᠦᠵᠢᠯ ᠤᠨ ᠴᠢᠨᠠᠷᠲᠠᠢ ᠡᠯᠢᠭᠡᠨ ᠦᠷᠪᠢᠰᠦᠯ ᠪᠣᠯᠵᠤ᠂ ᠨᠠᠩ ᠴᠢᠨᠠᠭᠰᠢᠯᠠᠪᠠᠯ ᠡᠯᠢᠭᠡᠨ ᠬᠠᠲᠠᠭᠤᠵᠢᠯ ᠪᠣᠯᠵᠤ ᠬᠦᠨᠳᠦᠷᠡᠳᠡᠭ᠃ ᠡᠶᠢᠮᠦ ᠠᠴᠠ ᠪᠢᠳᠠ ᠡᠯᠢᠭᠡᠨ ᠥᠭᠡᠬᠦᠵᠢᠯ ᠢ ᠬᠥᠩᠭᠡᠪᠴᠢᠯᠡᠵᠦ ᠪᠤᠯᠬᠤ ᠦᠭᠡᠢ᠂ ᠵᠠᠪᠠᠯ ᠬᠦᠨᠳᠦᠳᠬᠡᠨ ᠦᠵᠡᠬᠦ ᠬᠡᠷᠡᠭᠲᠡᠢ᠃    ᠡᠯᠢᠭᠡ ᠥᠭᠡᠬᠦᠵᠢᠭᠰᠡᠨ ᠬᠥᠮᠥᠨ ᠤ ᠪᠡᠶ᠎ᠡ ᠶᠢᠨ ᠢᠯᠡᠷᠡᠯ᠄   1. ᠣᠯᠠᠩᠬᠢ ᠬᠥᠮᠥᠨ ᠪ᠊ ᠢᠯᠡᠷᠡᠯ ᠨᠢ ᠲᠣᠳᠣ ᠮᠡᠳᠡᠭᠳᠡᠳᠡᠭ ᠦᠭᠡᠢ   2. ᠴᠥᠭᠡᠨ ᠲᠣᠭᠠᠨ ᠤ ᠬᠥᠮᠥᠰ ᠤᠨ ᠬᠡᠪᠡᠯᠢ ᠶᠢᠨ ᠪᠠᠷᠠᠭᠤᠨ ᠲᠠᠯ᠎ᠠ ᠳᠤ ᠡᠪ ᠦᠭᠡᠢ ᠪᠠᠶᠢᠳᠠᠯ ᠭᠠᠷᠬᠤ   3. ᠬᠤᠷᠭᠤᠰᠤᠯᠠᠬᠤ   4. ᠡᠯᠢᠭᠡ ᠵᠢᠷᠦᠬᠡ ᠡᠪᠡᠳᠴᠦ ᠲᠤᠮᠤᠷᠠᠬᠤ   5. ᠳᠡᠯᠢᠭᠦᠦ ᠲᠤᠮᠤᠷᠠᠬᠤ   6. ᠡᠯᠢᠭᠡᠨ ᠬᠠᠲᠠᠭᠤᠵᠢᠯ ᠲᠠᠢ ᠠᠳᠠᠯᠢ ᠢᠯᠡᠷᠡᠯ ᠭᠠᠷᠬᠤ   7. ᠨᠣᠶᠢᠷ ᠬᠠᠷᠰᠢᠯᠠᠭᠳᠠᠬᠤ   8. ᠠᠭᠤᠷ ᠤᠴᠠᠭᠠᠷ ᠬᠦᠷᠬᠦ   9. ᠪᠡᠶ᠎ᠡ ᠲᠠᠮᠢᠷᠳᠠᠬᠤ   10. ᠵᠠᠯᠬᠠᠭᠤ ᠬᠤᠶᠢᠷᠭᠤ ᠪᠤᠯᠬᠤ   ᠡᠯᠢᠭᠡ ᠶᠢ ᠭᠡᠮᠲᠦᠭᠡᠳᠡᠭ ᠡᠷᠡᠭᠦᠯ ᠪᠤᠰᠤ ᠠᠮᠢᠳᠤᠷᠠᠯ ᠤᠨ ᠳᠠᠳᠬᠠᠯ   ᠡᠯᠢᠭᠡ ᠪᠣᠯ ᠲᠠᠪᠤᠨ ᠴᠤᠯᠤ ᠶᠢᠨ ᠳᠣᠲᠣᠷᠠᠬᠢ ᠤᠳᠠᠭᠠᠨ ᠳᠠᠭᠠᠭᠠᠴᠠ ᠲᠠᠢ᠂ ᠤᠶᠠᠨ ᠬᠠᠳᠠᠨ ᠴᠢᠨᠠᠷ ᠢᠶᠠᠷ ᠴᠢᠩᠭ᠎ᠠ ᠡᠷᠬᠡᠲᠡᠨ ᠪᠣᠯᠣᠨ᠎ᠠ᠃ ᠶᠠᠭ ᠡᠭᠦᠨ ᠠᠴᠠ ᠪᠣᠯᠵᠤ᠂ ᠡᠯᠢᠭᠡ ᠨᠢ ᠬᠡᠲᠦᠷᠬᠡᠢ ᠶᠠᠳᠠᠷᠠᠬᠤ ᠪᠤᠶᠤ ᠡᠪᠡᠳᠴᠢᠯᠡᠭᠰᠡᠨ ᠴᠤ ᠰᠢᠨᠵᠢ ᠢᠯᠡᠷᠡᠯ ᠨᠢ ᠢᠯᠡᠷᠬᠡᠢ ᠪᠢᠰᠢ ᠪᠠᠶᠢᠳᠠᠭ᠃   ᠬᠥᠳᠡᠯᠬᠦ ᠦᠭᠡᠢ ᠤᠳᠠᠭᠠᠨ ᠰᠠᠭᠤᠬᠤ᠄ ᠡᠯᠢᠭᠡ ᠨᠢ ᠦᠶ᠎ᠡ ᠭᠡᠰᠢᠭᠦᠦ᠂ ᠪᠤᠯᠴᠢᠩ ᠰᠢᠷᠪᠦᠰᠦ ᠪᠠᠷ ᠲᠠᠮᠵᠢᠨ ᠰᠢᠩᠭᠡᠭᠡᠯᠲᠡ ᠶᠢᠨ ᠦᠢᠯᠡᠳᠦᠯ ᠢᠶᠠᠨ ᠪᠠᠳᠠᠷᠠᠭᠤᠯᠵᠤ ᠪᠠᠶᠢᠳᠠᠭ᠃ ᠬᠡᠷᠪᠡ ᠤᠷᠳᠤ ᠬᠤᠭᠤᠴᠠᠭ᠎ᠠ ᠬᠥᠳᠡᠯᠬᠦ ᠦᠭᠡᠢ ᠰᠠᠭᠤᠪᠠᠯ᠂ ᠡᠯᠢᠭᠡᠨ ᠤ ᠬᠡᠪ ᠤᠨ ᠠᠵᠢᠯᠯᠠᠭ᠎ᠠ ᠶᠢ ᠨᠥᠯᠥᠭᠡᠯᠡᠨ᠂ ᠡᠯᠢᠭᠡ ᠶᠢ ᠠᠮᠠᠷᠬᠠᠨ ᠭᠡᠮᠲᠦᠭᠡᠵᠦ ᠮᠠᠳᠠᠨ᠎ᠠ᠃   ᠠᠷᠢᠬᠢ ᠲᠠᠮᠠᠬᠢ ᠶᠢ ᠭᠡᠳᠤ ᠡᠳ᠋ᠯᠡᠬᠦ᠄ ᠠᠷᠢᠬᠢ ᠨᠢ ᠡᠯᠢᠭᠡ ᠶᠢ ᠥᠭᠡᠬᠦᠯᠡᠬᠦ ᠪᠤᠶᠤ ᠰᠫᠢᠷᠲ ᠤᠨ ᠴᠢᠨᠠᠷᠲᠠᠢ ᠡᠯᠢᠭᠡᠨ ᠤ ᠡᠪᠡᠳᠴᠢᠨ ᠳᠤ ᠨᠡᠷᠪᠡᠭᠳᠡᠭᠦᠯᠬᠦ ᠠᠶᠤᠯᠲᠠᠢ᠂ ᠲᠠᠮᠠᠬᠢᠨ ᠤᠳᠤᠭᠠᠨ ᠳᠤ ᠠᠭᠤᠯᠤᠭᠳᠠᠵᠤ ᠪᠠᠶᠢᠭ᠎ᠠ ᠮᠢᠩᠭᠠᠳ ᠲᠦᠷᠤᠯ ᠤᠨ ᠬᠤᠣᠷᠲᠤ ᠪᠣᠳᠠᠰ ᠨᠢ ᠬᠥᠮᠥᠨ ᠤ ᠡᠯ᠎ᠡ ᠡᠷᠬᠡᠲᠡᠨ ᠢ ᠠᠳᠠᠯᠢ ᠪᠤᠰᠤ ᠬᠡᠮᠵᠢᠶ᠎ᠡ ᠪᠠᠷ ᠭᠡᠮᠲᠦᠭᠡᠳᠡᠭ᠃   ᠳᠤᠷ᠎ᠠ ᠪᠠᠷ ᠡᠮ ᠲᠠᠩ ᠤᠤᠭᠤᠬᠤ᠄ ᠡᠮᠴᠢ ᠶᠢᠨ ᠵᠢᠭᠠᠪᠤᠷᠢ ᠪᠠᠷ ᠡᠮ ᠤᠤᠭᠤᠨ᠎ᠠ᠃ ᠶᠠᠭᠠᠬᠢᠭᠰᠠᠨ ᠴᠤ ᠳᠤᠷ᠎ᠠ  ᠪᠠᠷ ᠡᠮ ᠠᠪᠴᠤ ᠤᠤᠭᠤᠵᠤ ᠪᠤᠯᠬᠤ ᠦᠭᠡᠢ᠂ ᠤᠯᠠᠨ ᠵᠦᠢᠯ ᠤᠨ ᠡᠮ ᠢ ᠨᠡᠶᠢᠯᠡᠭᠦᠯᠵᠦ ᠤᠤᠭᠤᠪᠠᠯ᠂ ᠡᠮ ᠨᠢ ᠬᠤᠭᠤᠷᠣᠨᠳᠤ ᠪᠠᠨ ᠦᠢᠯᠡᠳᠦᠯᠴᠡᠭᠡᠳ᠂ ᠡᠯᠢᠭᠡᠨ ᠡᠮ ᠤᠨ ᠰᠢᠩᠭᠡᠬᠡᠨ ᠢᠯᠭᠠᠷᠠᠭᠤᠯᠬᠤ ᠴᠢᠳᠠᠪᠤᠷᠢ ᠶᠢ ᠳᠣᠷᠣᠶᠢᠲᠠᠭᠤᠯᠳᠠᠭ᠃   ᠬᠡᠲᠦᠷᠡᠲᠡᠯ᠎ᠡ ᠢᠳᠡᠵᠦ ᠤᠤᠭᠤᠬᠤ᠄ ᠮᠢᠬ᠎ᠠ ᠲᠣᠰᠣ᠂ ᠲᠤᠰᠤᠨ ᠳᠤ ᠪᠤᠴᠠᠯᠭᠠᠭᠰᠠᠨ ᠲᠣᠰᠣᠯᠢᠭ ᠢᠳᠠᠭᠡᠨ ᠠᠷᠪᠢᠨ ᠢᠳᠡᠬᠦ ᠡᠰᠡᠬᠦᠯ᠎ᠡ ᠴᠠᠭ ᠤᠨ ᠬᠤᠭᠤᠯᠠ ᠪᠠᠨ ᠬᠡᠲᠦᠷᠡᠲᠡᠯ᠎ᠡ ᠢᠳᠡᠬᠦ ᠵᠡᠷᠭᠡ ᠨᠢ ᠬᠥᠮᠥᠨ ᠤ ᠪᠡᠶ᠎ᠡ ᠳᠤ ᠶᠡᠭᠡ ᠬᠡᠮᠵᠢᠶᠡᠨ ᠤ ᠥᠭᠡᠬᠦ ᠶᠢ ᠪᠤᠢ ᠪᠣᠯᠭᠠᠳᠠᠭ᠂ ᠡᠳᠠᠭᠡᠷ ᠥᠭᠡᠬᠦ ᠨᠢ ᠡᠯᠢᠭᠡᠨ ᠳᠤ ᠬᠤᠷᠠᠨ ᠴᠤᠭᠯᠠᠷᠠᠵᠤ᠂ ᠡᠯᠢᠭᠡᠨ ᠤ ᠬᠡᠪ ᠤᠨ ᠠᠵᠢᠯᠯᠠᠭ᠎ᠠ ᠶᠢ ᠨᠥᠯᠥᠭᠡᠯᠡᠳᠡᠭ᠃    ᠡᠯᠢᠭᠡ ᠥᠭᠡᠬᠦᠯᠡᠪᠡᠯ ᠶᠠᠭᠠᠬᠢᠬᠤ ᠪᠤᠢ︖    ᠪᠡᠶ᠎ᠡ ᠪᠠᠨ ᠪᠠᠶᠢᠴᠠᠭᠠᠭᠠᠳ ᠡᠯᠢᠭᠡᠨ ᠥᠭᠡᠬᠦᠵᠢᠯ ᠤᠨ ᠣᠨᠣᠰᠢᠯᠠᠯᠲᠠ ᠥᠭᠭᠦᠭᠰᠡᠨ ᠪᠣᠯ ᠬᠤᠶᠢᠰᠢᠳᠠ ᠠᠮᠢᠳᠤᠷᠠᠯ ᠳᠠᠭᠠᠨ ᠶᠠᠭᠤ ᠶᠢ ᠠᠩᠬᠠᠷᠬᠤ ᠵᠣᠬᠢᠰᠲᠠᠢ ᠪᠤᠢ︖   ᠪᠡᠭᠡᠵᠢᠩ ᠤᠨ ᠳ᠋ᠢ ᠲᠠᠨ ᠡᠮᠨᠠᠯᠭᠡ ᠶᠢᠨ ᠬᠤᠷᠢᠶᠠᠨ ᠤ ᠡᠯᠢᠭᠡᠨ ᠡᠪᠡᠳᠴᠢᠨ ᠤ ᠲᠥᠪ ᠤᠨ ᠳᠡᠳ᠋ ᠡᠷᠭᠢᠯᠡᠭᠴᠢ ᠡᠮᠴᠢ ᠯᠢᠦ ᠷᠦ᠋ ᠢᠦᠢ᠄ ᠡᠯᠢᠭᠡᠨ ᠥᠭᠡᠬᠦᠵᠢᠯ ᠪᠣᠯ ᠡᠯ᠎ᠡ ᠵᠦᠢᠯ ᠤᠨ ᠰᠢᠯᠲᠠᠭᠠᠨ ᠠᠴᠠ ᠪᠣᠯᠤᠭᠰᠠᠨ ᠡᠯᠢᠭᠡᠨ ᠡᠰ ᠤᠨ ᠳᠣᠲᠣᠷ᠎ᠠ ᠥᠭᠡᠬᠦ ᠭᠡᠳᠤ ᠣᠪᠣᠭᠠᠷᠠᠭᠰᠠᠨ ᠡᠪᠡᠳᠴᠢᠨ ᠤ ᠬᠤᠪᠢᠷᠠᠯᠲᠠ ᠶᠤᠮ᠃ ᠣᠯᠠᠩᠬᠢ ᠡᠯᠢᠭᠡᠨ ᠥᠭᠡᠬᠦᠵᠢᠯ ᠲᠠᠢ ᠡᠪᠡᠳᠴᠢᠲᠡᠨ ᠡᠪᠡᠳᠴᠢᠨ ᠤ ᠢᠯᠡᠷᠡᠯ ᠦᠭᠡᠢ ᠪᠣᠯᠬᠤᠷ ᠬᠥᠮᠥᠰ ᠤᠨ ᠠᠩᠬᠠᠷᠤᠯ ᠳᠤ ᠠᠮᠠᠷᠬᠠᠨ ᠭᠦᠷᠳᠡᠭ ᠦᠭᠡᠢ᠂ ᠭᠡᠪᠡᠴᠦ ᠭᠡᠮᠲᠦᠯ ᠰᠢᠷᠬᠠᠲᠤᠯ ᠨᠢ ᠪᠠᠶᠢᠩᠭᠤ ᠣᠷᠣᠰᠢᠵᠤ᠂ ᠡᠪᠡᠳᠴᠢᠨ ᠤ ᠢᠯᠡᠷᠡᠯ ᠭᠠᠷᠤᠮᠠᠭᠴᠠ ᠡᠯᠢᠭᠡᠨ ᠤ ᠠᠵᠢᠯᠯᠠᠭ᠎ᠠ ᠨᠢ ᠡᠳᠦᠷ ᠲᠤᠳᠤᠮ ᠤᠨ ᠦᠨᠳᠦᠰᠦᠨ ᠠᠵᠢᠯᠯᠠᠭ᠎ᠠ ᠶᠢ ᠳᠠᠭᠠᠭᠠᠵᠤ ᠲᠠᠶᠢᠯᠭᠦ ᠦᠭᠡᠢ ᠪᠤᠯᠳᠠᠯ᠎ᠠ ᠳᠣᠷᠣᠶᠢᠲᠠᠭᠰᠠᠨ ᠪᠠᠶᠢᠵᠤ ᠮᠠᠳᠠᠨ᠎ᠠ ᠭᠡᠨ᠎ᠡ᠃   ᠡᠯᠢᠭᠡᠨ ᠥᠭᠡᠬᠦᠵᠢᠯ ᠨᠢ ᠮᠠᠷᠢᠶ᠎ᠠ ᠲᠠᠢ ᠬᠥᠮᠥᠨ ᠳᠤ ᠯᠠ ᠲᠣᠬᠢᠶᠠᠯᠳᠤᠳᠠᠭ ᠪᠢᠰᠢ᠂ ᠲᠠᠷᠡ ᠨᠢ ᠤᠯᠠᠨ ᠵᠦᠢᠯ ᠤᠨ ᠡᠯᠧᠮᠧᠨ᠋ᠲ ᠲᠠᠢ ᠬᠤᠯᠪᠤᠭ᠎ᠠ ᠲᠠᠢ ᠪᠠᠶᠢᠳᠠᠭ ᠠᠴᠠ ᠵᠠᠷᠢᠮ ᠬᠥᠮᠥᠰ ᠤᠨ ᠪᠡᠶ᠎ᠡ ᠶᠢᠨ ᠬᠦᠨᠳᠦ ᠨᠢ ᠬᠡᠪ ᠤᠨ ᠪᠠᠶᠢᠭᠰᠠᠨ ᠴᠤ ᠡᠯᠢᠭᠡᠨ ᠥᠭᠡᠬᠦᠵᠢᠯ ᠲᠠᠢ ᠪᠤᠯᠳᠠᠭ ᠶᠤᠮ᠃ ᠡᠶᠢᠮᠦᠷᠬᠦᠦ ᠬᠥᠮᠥᠰ ᠲᠤ ᠠᠪᠴᠤ ᠬᠡᠯᠡᠪᠡᠯ ᠠᠷᠢᠬᠢ ᠤᠤᠭᠤᠳᠠᠭ ᠡᠰᠡᠬᠦ᠂ ᠡᠯᠢᠭᠡ ᠶᠢ ᠭᠡᠮᠲᠦᠭᠡᠬᠦ ᠡᠮ ᠬᠡᠷᠡᠭᠯᠡᠭᠰᠡᠨ ᠡᠰᠡᠬᠦ᠂ ᠬᠤᠭᠤᠯᠠ ᠭᠤᠯᠣᠬᠤ᠂ ᠰᠢᠮ᠎ᠡ ᠲᠡᠵᠢᠭᠡᠯ ᠳᠤᠲᠠᠭᠳᠠᠭᠰᠠᠨ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠣᠶᠢᠯᠠᠭᠠᠬᠤ ᠬᠡᠷᠡᠭᠲᠡᠢ᠃   ᠡᠯᠢᠭᠡ ᠪᠠᠨ ᠬᠠᠮᠠᠭᠠᠯᠠᠬᠤ ᠶᠢᠨ ᠲᠤᠯᠠᠳᠠ ᠪᠢᠳᠠ ᠢᠳᠠᠭᠡᠨ ᠤᠮᠳᠠᠭᠠᠨ ᠤ ᠳᠠᠳᠬᠠᠯ ᠢᠶᠠᠨ ᠬᠤᠪᠢᠷᠠᠭᠤᠯᠵᠤ᠂ ᠲᠣᠰᠣᠯᠢᠭ᠂ ᠥᠭᠡᠬᠦ ᠶᠡᠬᠡᠲᠡᠢ᠂ ᠡᠨᠧᠷᠭᠢ ᠶᠡᠬᠡᠲᠡᠢ ᠤᠭᠤᠷᠠᠭ ᠪᠠᠭᠠᠲᠠᠢ ᠢᠳᠠᠭᠡᠨ ᠤᠮᠳᠠᠭᠠᠨ ᠢ ᠴᠡᠭᠡᠷᠯᠡᠬᠦ ᠶᠢ ᠰᠠᠨᠠᠭᠤᠯᠵᠤ ᠪᠠᠶᠢᠨ᠎ᠠ᠃ ᠪᠡᠶ᠎ᠡ ᠪᠣᠯᠪᠠᠰᠤᠷᠠᠬᠤ ᠪᠠ ᠮᠠᠷᠢᠶ᠎ᠠ ᠪᠠᠨ ᠰᠢᠭᠤᠷᠠᠭᠤᠯᠤᠨ᠎ᠠ᠃ ᠠᠷᠢᠬᠢ ᠴᠠᠭᠡᠷᠯᠠᠨ᠎ᠠ᠃ ᠡᠮ ᠢ ᠳᠤᠷ᠎ᠠ ᠪᠠᠷ ᠬᠡᠷᠡᠭᠯᠡᠵᠦ ᠪᠤᠯᠬᠤ ᠦᠭᠡᠢ᠃   ᠤᠰᠤ ᠠᠷᠪᠢᠨ ᠤᠤᠭᠤᠵᠤ ᠬᠤᠣᠷᠲᠤ ᠪᠣᠳᠠᠰ ᠡᠯᠢᠭᠡ ᠶᠢ ᠭᠡᠮᠲᠦᠭᠡᠬᠦ ᠶᠢ ᠪᠠᠭᠠᠰᠬᠠᠨ᠎ᠠ᠃ ᠤᠰᠤ ᠢᠯᠡᠭᠦᠦ ᠤᠤᠭᠤᠬᠤ ᠨᠢ ᠪᠤᠯᠴᠢᠷᠬᠠᠢ᠂ ᠨᠣᠶᠢᠷ ᠪᠣᠯᠣᠨ ᠰᠥᠰᠥᠨ ᠤ ᠰᠢᠩᠭᠡᠨ ᠤ ᠱᠦᠭᠦᠷᠡᠯᠲᠡ ᠶᠢ ᠠᠬᠢᠭᠤᠯᠵᠤ᠂ ᠬᠤᠣᠷᠲᠤ ᠪᠣᠳᠠᠰ ᠢ ᠭᠠᠳᠠᠭᠰᠢᠯᠠᠭᠤᠯᠤᠨ᠂ ᠪᠣᠳᠠᠰ ᠤᠨ ᠰᠣᠯᠢᠯᠴᠠᠭ᠎ᠠ ᠳᠠᠬᠢ ᠬᠠᠶᠠᠭᠳᠠᠮᠠᠯ ᠪᠣᠳᠠᠰ ᠪᠣᠯᠣᠨ ᠬᠤᠣᠷᠲᠤ ᠪᠣᠳᠠᠰ ᠤᠨ ᠡᠯᠢᠭᠡ ᠶᠢ ᠭᠡᠮᠲᠦᠭᠡᠬᠦ ᠶᠢ ᠪᠠᠭᠠᠰᠬᠠᠨ᠎ᠠ᠃   ᠠᠷᠢᠬᠢ ᠶᠢ ᠪᠠᠭ᠎ᠠ ᠤᠤᠭᠤᠵᠤ ᠡᠯᠢᠭᠡᠨ ᠤ ᠠᠷᠭ᠎ᠠ ᠬᠡᠢ ᠶᠢ ᠰᠠᠶᠢᠵᠢᠷᠠᠭᠤᠯᠤᠨ᠎ᠠ᠃ ᠠᠷᠢᠬᠢ ᠪᠠᠭ᠎ᠠ ᠤᠤᠭᠤᠬᠤ ᠨᠢ ᠴᠢᠰᠤᠨ ᠤ ᠡᠷᠭᠢᠯᠲᠡ ᠶᠢ ᠰᠠᠶᠢᠵᠢᠷᠠᠭᠤᠯᠬᠤ᠂ ᠡᠯᠢᠭᠡ ᠶᠢᠨ ᠠᠷᠭ᠎ᠠ ᠬᠡᠢ ᠶᠢ ᠰᠠᠶᠢᠵᠢᠷᠠᠭᠤᠯᠬᠤ ᠳᠤ ᠠᠰᠢᠭᠲᠠᠢ᠃ ᠭᠡᠲᠡᠯ᠎ᠡ ᠠᠷᠢᠬᠢ ᠶᠢ ᠬᠡᠲᠦᠷᠡᠲᠡᠯ᠎ᠡ ᠤᠤᠭᠤᠵᠤ ᠪᠤᠯᠬᠤ ᠦᠭᠡᠢ᠃ ᠡᠯᠢᠭᠡ ᠶᠢᠨ ᠰᠫᠢᠷᠲ ᠢ ᠬᠤᠪᠢᠷᠠᠭᠤᠯᠬᠤ ᠴᠢᠳᠠᠪᠤᠷᠢ  ᠨᠢ ᠬᠢᠵᠠᠭᠠᠷ ᠲᠠᠢ ᠠᠴᠠ ᠠᠷᠢᠬᠢ ᠠᠷᠪᠢᠨ ᠤᠤᠭᠤᠪᠠᠯ ᠡᠯᠢᠭᠡ ᠶᠢ ᠭᠡᠮᠲᠦᠭᠡᠬᠦ ᠠᠶᠤᠯᠲᠠᠢ᠃   ᠬᠡᠲᠦᠷᠡᠲᠡᠯ᠎ᠡ ᠢᠳᠡᠬᠦ ᠪᠤᠶᠤ ᠭᠡᠳᠤ ᠥᠯᠥᠰᠬᠦ ᠶᠢ ᠰᠡᠷᠭᠡᠶᠢᠯᠡᠨ᠎ᠡ᠃ ᠬᠡᠲᠦᠷᠡᠲᠡᠯ᠎ᠡ ᠢᠳᠡᠬᠦ ᠪᠠ ᠭᠡᠳᠤ ᠥᠯᠥᠰᠬᠦ ᠨᠢ ᠰᠢᠩᠭᠡᠭᠡᠯᠲᠡ ᠶᠢᠨ ᠰᠢᠩᠭᠡᠨ ᠤ ᠱᠦᠭᠦᠷᠡᠯᠲᠡ ᠶᠢ ᠬᠡᠪ ᠤᠨ ᠪᠤᠰᠤ ᠪᠤᠯᠭᠠᠵᠤ᠂ ᠡᠯᠢᠭᠡᠨ ᠤ ᠴᠢᠳᠠᠪᠬᠢ ᠶᠢᠨ ᠲᠡᠩᠴᠡᠭᠦᠷᠢ ᠶᠢ ᠠᠯᠳᠠᠭᠤᠯᠳᠠᠭ᠃ ᠭᠤᠱᠤᠭᠤᠨ ᠢᠳᠠᠭᠡᠨ ᠪᠠᠭ᠎ᠠ ᠢᠳᠡᠵᠦ᠂ ᠰᠢᠨ᠎ᠡ ᠰᠣᠷᠭᠤᠭ ᠨᠣᠭᠤᠭ᠎ᠠ ᠵᠢᠮᠢᠰ ᠢᠯᠡᠭᠦᠬᠡᠨ ᠢᠳᠡᠬᠦ ᠬᠡᠷᠡᠭᠲᠡᠢ᠃   ᠪᠠᠶᠠᠰᠤᠩᠭᠤᠢ ᠪᠠᠶᠢᠵᠤ ᠡᠯᠢᠭᠡᠨ ᠤ ᠬᠡᠢ ᠶᠢ ᠠᠮᠤᠷᠵᠢᠭᠤᠯᠤᠨ᠂ ᠰᠡᠳᠬᠢᠯ ᠰᠠᠨᠠᠭ᠎ᠠ ᠶᠢ ᠲᠣᠭᠲᠠᠪᠤᠷᠢᠵᠢᠭᠤᠯᠤᠨ᠎ᠠ᠃ ᠪᠠᠶᠠᠰᠤᠩᠭᠤᠢ ᠪᠠᠶᠢᠬᠤ ᠨᠢ ᠬᠥᠮᠥᠨ ᠤ ᠪᠡᠶ᠎ᠡ ᠶᠢᠨ ᠡᠷᠡᠭᠦᠯ ᠮᠠᠨᠳᠤ ᠳᠤ ᠲᠤᠰᠠᠲᠠᠢ᠃ ᠦᠷᠭᠦᠯᠵᠢ ᠠᠭᠤᠷᠯᠠᠵᠤ ᠤᠴᠠᠭᠠᠷᠯᠠᠪᠠᠯ ᠡᠯᠢᠭᠡᠨ ᠤ ᠴᠢᠰᠤ ᠲᠠᠮᠢᠷ ᠪᠥᠭᠯᠡᠷᠡᠵᠦ᠂ ᠠᠮᠠᠷᠬᠠᠨ ᠡᠪᠡᠳᠴᠢᠨ ᠣᠯᠳᠠᠭ᠃ ᠬᠡᠷᠪᠡ ᠡᠯᠢᠭᠡ ᠪᠠᠨ ᠴᠢᠭᠢᠷᠠᠭᠵᠢᠭᠤᠯᠤᠶ᠎ᠠ ᠭᠡᠪᠡᠯ ᠠᠭᠤᠷ ᠢᠶᠠᠨ ᠳᠠᠷᠤᠬᠤ ᠬᠡᠷᠡᠭᠲᠡᠢ᠃ ᠠᠭᠤᠷᠯᠠᠪᠠᠴᠤ ᠭᠤᠷᠪᠠᠨ ᠮᠢᠨᠦ᠋ᠲ ᠠᠴᠠ ᠢᠯᠡᠭᠦᠦ ᠠᠭᠤᠷᠯᠠᠵᠤ ᠪᠤᠯᠬᠤ ᠦᠭᠡᠢ᠃ ᠰᠡᠳᠬᠢᠯ ᠰᠠᠨᠠᠭ᠎ᠠ ᠲᠠᠶᠢᠪᠤᠩ ᠲᠣᠭᠲᠠᠭᠤᠨ᠂ ᠪᠠᠶᠠᠰᠤᠩᠭᠤᠢ ᠪᠠᠶᠢᠬᠤ ᠶᠢ ᠪᠠᠲᠤᠯᠠᠬᠤ ᠬᠡᠷᠡᠭᠲᠡᠢ᠃   ᠡᠯᠢᠭᠡᠨ ᠥᠭᠡᠬᠦᠵᠢᠯ ᠢ ᠵᠠᠰᠠᠳᠠᠭ ᠡᠷᠡᠭᠦᠯᠵᠢᠯ ᠤᠨ ᠡᠮ ᠢ ᠬᠡᠷᠡᠭᠯᠡᠬᠦ ᠲᠡᠭᠡᠨ ᠪᠣᠯᠭᠤᠮᠵᠢᠲᠠᠢ ᠪᠠᠶᠢᠭᠠᠷᠠᠢ᠃ ᠡᠮᠲᠦ ᠪᠣᠳᠠᠰ ᠤᠨ ᠣᠯᠠᠩᠬᠢ ᠨᠢ ᠡᠯᠢᠭᠡᠨ ᠤ ᠰᠣᠯᠢᠯᠴᠠᠭ᠎ᠠ ᠪᠠᠷ ᠳᠠᠮᠵᠢᠳᠠᠭ ᠠᠴᠠ ᠳᠤᠷ᠎ᠠ ᠪᠠᠷ ᠢᠶᠠᠨ ᠡᠮ ᠬᠡᠷᠡᠭᠯᠡᠪᠡᠯ ᠡᠯᠢᠭᠡᠨ ᠤ ᠳᠠᠷᠤᠭᠠᠰᠤ ᠶᠢ ᠬᠦᠨᠳᠦᠷᠡᠭᠦᠯᠦᠨ᠎ᠡ᠃ ᠬᠡᠷᠪᠡ ᠠᠮᠢᠨᠤ᠋ ᠰᠢᠯᠵᠢᠭᠦᠯᠬᠦ ᠢᠰᠬᠡᠭᠦᠷ ᠤᠨ ᠬᠡᠮᠵᠢᠶ᠎ᠡ ᠪᠠᠭᠤᠷᠠᠬᠤ ᠦᠭᠡᠢ ᠪᠠᠶᠢᠪᠠᠯ ᠡᠮᠴᠢ ᠶᠢᠨ ᠵᠢᠯᠣᠭᠤᠳᠤᠯᠭ᠎ᠠ ᠪᠠᠷ ᠡᠮ ᠢ ᠵᠣᠬᠢᠰᠲᠠᠢ ᠬᠡᠷᠡᠭᠯᠡᠵᠦ ᠵᠠᠰᠠᠨ᠎ᠠ᠃    ᠡᠯᠢᠭᠡᠨ ᠳᠤ ᠲᠤᠰᠠᠲᠠᠢ ᠢᠳᠠᠭᠡᠨ ᠢ ᠢᠯᠡᠭᠦᠦ ᠢᠳᠡᠨ᠎ᠡ   ᠭᠤᠭᠤᠳ᠄ ᠭᠤᠭᠤᠳ ᠪᠣᠯ ᠪᠦᠯᠢᠶᠡᠨ ᠴᠢᠨᠠᠷᠲᠠᠢ ᠢᠳᠠᠭᠡᠨ᠂ ᠭᠤᠭᠤᠳ ᠲᠤ ᠳᠡᠭᠳᠡᠮᠡᠬᠡᠢ ᠴᠢᠨᠠᠷᠲᠠᠢ ᠤᠭᠢ ᠲᠣᠰᠣ ᠵᠢᠴᠢ ᠬᠦᠬᠦᠷᠲᠦ ᠨᠢᠭᠡᠳᠪᠦᠷᠢ ᠵᠡᠷᠭᠡ ᠤᠨᠴᠠᠭᠠᠢ ᠪᠦᠷᠢᠯᠳᠦᠭᠦᠨ ᠠᠭᠤᠯᠵᠤ᠂ ᠨᠢᠭᠡ ᠵᠦᠢᠯ ᠤᠨ ᠤᠨᠴᠠᠭᠠᠢ ᠭᠤᠱᠤᠭᠤᠨ ᠠᠩᠬᠢᠯᠤᠮ᠎ᠠ ᠦᠨᠦᠷ ᠠᠮᠲᠠ ᠲᠠᠢ ᠪᠠᠶᠢᠳᠠᠭ᠂ ᠡᠯᠢᠭᠡᠨ ᠬᠡᠢ ᠶᠢ ᠵᠣᠬᠢᠴᠠᠭᠤᠯᠵᠤ᠂ ᠢᠳᠠᠭᠡᠨ ᠤ ᠳᠤᠷᠠᠰᠢᠯ ᠢ ᠨᠡᠮᠡᠭᠳᠡᠭᠦᠯᠦᠨ᠂ ᠰᠢᠩᠭᠡᠭᠡᠯᠲᠡ ᠶᠢᠨ ᠴᠢᠳᠠᠪᠤᠷᠢ ᠶᠢ ᠰᠠᠶᠢᠵᠢᠷᠠᠭᠤᠯᠳᠠᠭ᠃ ᠭᠡᠪᠡᠴᠦ ᠭᠤᠭᠤᠳ ᠬᠥᠮᠥᠨ ᠪᠦᠭᠦᠨ ᠳᠤ ᠲᠣᠬᠢᠷᠠᠬᠤ ᠪᠢᠰᠢ᠂ ᠭᠡᠯᠠ ᠠᠮᠠ ᠢᠯᠵᠠᠷᠠᠭᠰᠠᠨ᠂ ᠬᠤᠭᠤᠯᠠᠢ ᠡᠪᠡᠳᠦᠭᠰᠡᠨ ᠵᠢᠴᠢ ᠡᠯᠢᠭᠡᠨ ᠬᠠᠯᠠᠭᠤᠨ ᠶᠡᠭᠡ ᠬᠥᠮᠥᠰ ᠪᠠᠭᠠᠬᠠᠨ ᠢᠳᠡᠪᠡᠯ ᠵᠣᠬᠢᠨ᠎ᠠ᠃   ᠪᠤᠷᠴᠠᠭ ᠤᠨ ᠴᠢᠴᠢᠭᠡᠰᠦ᠄ ᠪᠤᠷᠴᠠᠭ ᠤᠨ ᠴᠢᠴᠢᠭᠡᠰᠦ ᠨᠢ ᠡᠯᠢᠭᠡ ᠶᠢ ᠴᠡᠪᠡᠷᠰᠢᠭᠦᠯᠦᠨ ᠬᠠᠷᠠᠭ᠎ᠠ ᠶᠢ ᠲᠤᠩᠭᠠᠯᠠᠭᠰᠢᠭᠤᠯᠬᠤ ᠴᠢᠳᠠᠮᠵᠢ ᠲᠠᠢ᠂ ᠪᠤᠷᠴᠠᠭ ᠤᠨ ᠴᠢᠴᠢᠭᠡᠰᠦ ᠳᠤ ᠶᠡᠭᠡ ᠬᠡᠮᠵᠢᠶᠡᠨ ᠤ ᠮᠠᠭᠨᠢ ᠵᠢᠴᠢ ᠨᠠᠪᠴᠢᠨ ᠤ ᠨᠣᠭᠤᠭᠠᠨ ᠡᠳ᠋ ᠠᠭᠤᠯᠵᠤ᠂ ᠪᠡᠶ᠎ᠡ ᠳᠣᠲᠣᠷᠠᠬᠢ ᠬᠤᠣᠷᠲᠤ ᠡᠳ᠋ ᠢ ᠭᠠᠳᠠᠭᠰᠢᠯᠠᠭᠤᠯᠬᠤ ᠳᠤ ᠲᠤᠰᠠᠯᠠᠵᠤ᠂ ᠡᠯᠢᠭᠡ ᠶᠢ ᠬᠠᠮᠠᠭᠠᠯᠠᠳᠠᠭ᠃ ᠪᠤᠷᠴᠠᠭ ᠤᠨ ᠴᠢᠴᠢᠭᠡᠰᠦ ᠳᠤ ᠡᠯᠪᠡᠭ ᠠᠭᠤᠯᠤᠭᠳᠠᠬᠤ ᠬᠤᠯᠤᠤᠪᠠᠩ ᠤᠨ ᠡᠳ᠋ ᠪᠣᠯᠣᠨ ᠨᠠᠪᠴᠢᠨ ᠤ ᠰᠢᠷ᠎ᠠ ᠡᠳ᠋ ᠨᠢ ᠬᠠᠷᠠᠭᠠᠨ ᠤ ᠰᠡᠷᠡᠯ ᠢ ᠬᠠᠮᠠᠭᠠᠯᠠᠵᠤ᠂ ᠬᠠᠷᠠᠭ᠎ᠠ ᠶᠢ ᠰᠠᠶᠢᠵᠢᠷᠠᠭᠤᠯᠬᠤ ᠳᠤ ᠲᠤᠰᠠᠯᠠᠮᠵᠢ ᠪᠤᠯᠳᠠᠭ᠃ ᠪᠤᠷᠴᠠᠭ ᠤᠨ ᠴᠢᠴᠢᠭᠡᠰᠦ ᠶᠢᠨ ᠦᠨᠦᠷ ᠠᠮᠲᠠ ᠨᠢ ᠰᠣᠳᠣᠨ ᠰᠣᠷᠭᠤᠭ᠂ ᠬᠠᠭᠤᠷᠤᠯᠭ᠎ᠠ ᠳᠤ ᠮᠠᠰᠢ ᠲᠣᠬᠢᠷᠠᠨ᠎ᠠ᠃   ᠨᠠᠷᠢᠮᠤ᠄ ᠨᠠᠷᠢᠮᠤ ᠶᠢ ᠪᠠᠭᠲᠠᠭᠠᠭᠰᠠᠨ ᠠᠮᠤ ᠶᠢᠨ ᠲᠦᠷᠤᠯ ᠪᠣᠯ ᠡᠯᠢᠭᠡ ᠶᠢ ᠬᠠᠮᠠᠭᠠᠯᠠᠬᠤ ᠤᠭᠢ ᠰᠣᠩᠭᠤᠯᠲᠠ ᠪᠣᠯᠣᠨ᠎ᠠ᠂ ᠲᠡᠭᠦᠨ ᠤ ᠳᠣᠲᠣᠷ᠎ᠠ ᠠᠭᠤᠯᠤᠭᠳᠠᠬᠤ ᠸᠢᠲ᠋ᠠᠮᠢᠨ E ᠪᠣᠯᠣᠨ B ᠲᠦᠷᠤᠯ ᠤᠨ ᠸᠢᠲ᠋ᠠᠮᠢᠨ ᠨᠢ ᠪᠡᠶ᠎ᠡ ᠳᠣᠲᠣᠷᠠᠬᠢ ︽ᠲᠤᠰᠤᠨ ᠬᠥᠮᠥᠷᠭᠡ︾ ᠰᠢᠭ ᠪᠠᠶᠢᠵᠤ᠂ ᠪᠣᠳᠠᠰ ᠤᠨ ᠰᠣᠯᠢᠯᠴᠠᠭ᠎ᠠ ᠶᠢ ᠲᠦᠷᠭᠡᠳᠬᠡᠨ᠂ ᠡᠨᠧᠷᠭᠢ ᠪᠣᠯᠭᠠᠨ ᠬᠤᠪᠢᠷᠠᠭᠤᠯᠵᠤ᠂ ᠡᠯᠢᠭᠡᠨ ᠳᠤ ︽ᠲᠣᠰᠣ ᠨᠡᠮᠡᠬᠦ︾ ᠪᠠᠷ ᠪᠠᠷᠠᠬᠤ ᠦᠭᠡᠢ ᠡᠯᠢᠭᠡᠨ ᠤ ᠴᠢᠳᠠᠪᠬᠢ ᠶᠢ ᠰᠡᠷᠭᠦᠭᠡᠨ ᠰᠠᠶᠢᠵᠢᠷᠠᠭᠤᠯᠵᠤ᠂ ᠥᠭᠡᠬᠦᠯᠡᠭᠰᠡᠨ ᠡᠯᠢᠭᠡᠨ ᠡᠪᠡᠳᠴᠢᠨ ᠣᠯᠬᠤ ᠠᠴᠠ ᠰᠡᠷᠭᠡᠶᠢᠯᠡᠬᠦ ᠦᠢᠯᠡᠳᠦᠯ ᠲᠠᠢ᠃   ᠴᠡᠴᠡᠭᠲᠦ ᠨᠣᠭᠤᠭ᠎ᠠ᠄ ᠴᠡᠴᠡᠭᠲᠦ ᠨᠣᠭᠤᠭ᠎ᠠ ᠡᠯᠢᠭᠡ ᠶᠢ ᠬᠠᠮᠠᠭᠠᠯᠠᠬᠤ ᠤᠨᠴᠠᠭᠠᠢ ᠦᠢᠯᠡᠳᠦᠯ ᠲᠠᠢ᠂ ᠡᠭᠦᠨ ᠤ ᠳᠣᠲᠣᠷ᠎ᠠ ᠤᠷᠭᠤᠮᠠᠯ ᠤᠨ ᠰᠢᠮ᠎ᠡ ᠲᠡᠵᠢᠭᠡᠯᠲᠦ ᠡᠳ᠋᠂ ᠬᠤᠯᠤᠤᠪᠠᠩ ᠤᠨ ᠡᠳ᠋᠂ ᠭᠠᠤᠯᠢ ᠶᠢᠨ ᠲᠦᠷᠤᠯ ᠤᠨ ᠨᠢᠭᠡᠳᠪᠦᠷᠢ ᠪᠣᠳᠠᠰ ᠨᠢ ᠬᠠᠮᠲᠤ ᠳᠠᠭᠠᠨ ᠡᠯᠢᠭᠡᠨ ᠤ ᠡᠯ᠎ᠡ ᠲᠦᠷᠤᠯ ᠤᠨ ᠬᠤᠣᠷᠲᠤ ᠡᠯᠧᠮᠧᠨ᠋ᠲ ᠪᠣᠯᠣᠨ ᠦᠮᠠᠨ ᠡᠭᠦᠰᠬᠡᠭᠴᠢ ᠪᠣᠳᠠᠰ ᠢ ᠵᠠᠳᠠᠷᠠᠭᠤᠯᠳᠠᠭ᠃ ᠡᠭᠦᠨ ᠠᠴᠠ ᠭᠠᠳᠠᠨ᠎ᠠ᠂ ᠴᠡᠴᠡᠭᠲᠦ ᠪᠥᠭᠡᠷᠡᠩᠬᠡᠢ ᠴᠠᠭᠠᠨ ᠨᠣᠭᠤᠭ᠎ᠠ᠂ ᠴᠠᠭᠠᠨ ᠯᠤᠤᠪᠠᠩ᠂ ᠪᠥᠭᠡᠷᠡᠩᠬᠡᠢ ᠴᠠᠭᠠᠨ ᠨᠣᠭᠤᠭ᠎ᠠ ᠴᠤ ᠡᠯᠢᠭᠡ ᠶᠢ ᠬᠠᠮᠠᠭᠠᠯᠠᠬᠤ ᠤᠨᠴᠠᠭᠠᠢ ᠦᠢᠯᠡᠳᠦᠯ ᠲᠠᠢ᠃   ᠠᠮᠢᠳᠤᠷᠠᠯ ᠳᠤᠮᠳᠠ ᠢᠳᠠᠭᠡᠨ ᠤᠮᠳᠠᠭᠠᠨ ᠢ ᠵᠦᠢ ᠵᠣᠬᠢᠰᠲᠠᠢ ᠲᠣᠬᠢᠷᠠᠭᠤᠯᠤᠨ᠂ ᠦᠷᠭᠦᠯᠵᠢ ᠵᠣᠬᠢᠬᠤ ᠬᠡᠮᠵᠢᠶᠡᠨ ᠤ ᠬᠥᠳᠡᠯᠭᠡᠭᠡᠨ ᠬᠢᠵᠦ᠂ ᠭᠦᠢᠴᠡᠳ ᠤᠨᠲᠠᠯᠭ᠎ᠠ ᠶᠢ ᠪᠠᠷᠢᠮᠲᠠᠯᠠᠨ᠂ ᠭᠡᠳᠤ ᠣᠷᠣᠢ  ᠤᠨᠲᠠᠬᠤ ᠶᠢ ᠴᠡᠭᠡᠷᠯᠡᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠡᠯᠢᠭᠡᠨ ᠤ ᠬᠠᠮᠢᠶ᠎ᠠ ᠲᠠᠢ ᠡᠷᠡᠭᠦᠯ ᠮᠠᠨᠳᠤ ᠶᠢᠨ ᠪᠠᠶᠢᠴᠠᠭᠠᠯᠲᠠ ᠬᠢᠪᠡᠯ ᠵᠣᠬᠢᠨ᠎ᠠ᠃ ᠡᠯᠢᠭᠡᠨ ᠤ ᠡᠪᠡᠳᠴᠢᠨ ᠢ ᠡᠭᠦᠰᠬᠡᠵᠦ ᠮᠡᠳᠡᠬᠦ ᠡᠯᠧᠮᠧᠨ᠋ᠲ ᠢ ᠲᠠᠨᠢᠬᠤ ᠶᠢᠨ ᠵᠡᠷᠭᠡ ᠪᠠᠷ ᠤᠷᠢᠳᠴᠢᠯᠠᠨ ᠰᠡᠷᠭᠡᠶᠢᠯᠡᠯᠲᠡ ᠬᠢᠪᠡᠯ ᠵᠣᠬᠢᠨ᠎ᠠ᠃                        ︵ᠳᠠᠳᠤᠯᠭ᠎ᠠ ᠶᠢᠨ ᠰᠤᠷᠤᠬᠴᠢ ᠶᠢᠨ ᠯᠢᠩ ᠣᠷᠴᠢᠭᠤᠯᠤᠨ ᠨᠠᠶᠢᠷᠠᠭᠤᠯᠪᠠ  ︶
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号