ᠲᠦᠷᠪᠡᠯᠵᠢᠨ ᠰᠦᠮ᠎ᠡ
ᠨᠡᠶᠢᠲᠡᠯᠡᠭᠰᠡᠨ ᠴᠠᠭ᠄
2024/9/5
    ᠲᠦᠷᠪᠡᠯᠵᠢᠨ ᠰᠦᠮ᠎ᠡ ᠪᠤᠯ ᠴᠢᠩ ᠤᠯᠤᠰ ᠤᠨ ᠪᠦᠷᠢᠨ ᠵᠠᠰᠠᠭᠴᠢ ᠬᠠᠭᠠᠨ ᠤ ᠦᠶ᠎ᠡ ︵1862 — 1874 ᠤᠨ︶ ᠳᠤ ᠪᠠᠶᠢᠭᠤᠯᠤᠭᠰᠠᠨ ᠰᠦᠮ᠎ᠡ ᠪᠤᠯᠤᠨ᠎ᠠ᠃     ᠲᠦᠷᠪᠡᠯᠵᠢᠨ ᠰᠦᠮ᠎ᠡ ︵四方庙︶ ᠤᠤᠯ ᠨᠢ ᠬᠠᠯᠬ᠎ᠠ ᠵᠡᠭᠦᠨ ᠭᠠᠷᠤᠨ ᠬᠤᠰᠢᠭᠤᠨ ᠤ ᠬᠤᠰᠢᠭᠤᠨ ᠰᠦᠮ᠎ᠡ ᠮᠦᠨ᠂ ᠬᠢᠳᠡᠳ ᠨᠠᠷ᠎ᠠ ᠨᠢ ︵赞华寺︶᠂ ᠲᠦᠪᠡᠳ ᠮᠠᠶ᠋ᠢᠭ ᠤᠨ ᠪᠠᠷᠢᠯᠭ᠎ᠠ ᠪᠤᠯᠬᠤᠷ ᠭᠦᠮᠦᠰ ᠶᠡᠷᠦ ᠲᠦᠷᠪᠡᠯᠵᠢᠨ ᠰᠦᠮ᠎ᠡ ᠬᠡᠵᠦ ᠲᠠᠭᠤᠳᠠᠳᠠᠭ᠃ ᠲᠦᠷᠪᠡᠯᠵᠢᠨ ᠰᠦᠮ᠎ᠡ ᠨᠢ ᠦᠩᠬᠡᠷᠡᠭᠰᠡᠨ ᠳᠤ ᠬᠠᠯᠬ᠎ᠠ ᠵᠡᠭᠦᠨ ᠭᠠᠷᠤᠨ ᠬᠤᠰᠢᠭᠤᠨ ᠤ ᠪᠠᠶᠢᠯᠠ ᠶᠢᠨ ᠤᠷᠳᠤᠨ᠂ ᠮᠤᠩᠭᠤᠯ ᠢᠶᠠᠷ ᠨᠤᠶᠠᠨ ᠬᠤᠷᠤᠭ᠎ᠠ ︵ᠤᠤᠯ ᠤᠨ ᠯᠢᠦ ᠵᠢᠶᠠᠽᠢ ᠰᠢᠶᠠᠩ  ᠤᠨ ᠱᠤ᠋ ᠯᠢᠨ ᠽᠢ︶ ᠶᠢᠨ ᠵᠡᠭᠦᠨ ᠪᠡᠶ᠎ᠡ ᠳᠤ ᠪᠠᠶᠢᠳᠠᠭ ᠠᠴᠠ ᠪᠠᠰᠠ ᠳ᠋ᠦᠩ ᠮᠢᠶᠦᠦ ︵ᠵᠡᠭᠦᠨ ᠰᠦᠮ᠎ᠡ︶ ᠬᠡᠳᠡᠭ᠃ ᠰᠦᠮ᠎ᠡ ᠶᠢᠨ ᠡᠷᠬᠢᠯᠡᠭᠴᠢ ᠳ᠋ᠠ ᠯᠠᠮᠠ ᠶᠢ ᠮᠦᠨ ᠳ᠋ᠠ ᠯᠠᠮᠠ ᠬᠡᠳᠡᠭ᠃ ᠴᠢᠩ ᠤᠯᠤᠰ ᠤᠨ ᠰᠡᠭᠦᠯᠴᠢ ᠢᠷᠬᠡᠨ ᠤᠯᠤᠰ  ᠤᠨ ᠦᠶ᠎ᠡ ᠳᠤ᠂ ᠯᠠᠮᠠ ᠶᠢᠨ ᠲᠤᠭ᠎ᠠ ᠨᠢ ᠶᠠᠪᠤᠬᠤ ᠲᠤᠳᠤᠮ ᠬᠤᠷᠤᠭᠳᠠᠵᠦ᠂ 1947 ᠤᠨ ᠤ ᠭᠠᠵᠠᠷ ᠰᠢᠷᠤᠢ ᠶᠢᠨ ᠦᠬᠡᠷᠡᠴᠢᠯᠠᠯᠳᠠ ᠶᠢᠨ ᠦᠶ᠎ᠡ ᠳᠤ ᠠᠷᠠᠢ ᠠᠷᠪᠠ ᠭᠠᠷᠤᠢ ᠯᠡ ᠯᠠᠮᠠ ᠦᠯᠡᠳᠡᠪᠡ᠃ ᠲᠤᠰ ᠰᠦᠮ᠎ᠡ ᠨᠢ ᠵᠢᠯ  ᠪᠦᠷᠢ  ᠶᠢᠨ  ᠪᠢᠯᠢᠭ ᠤᠨ ᠤᠯᠠᠷᠢᠯ ᠤᠨ ᠵᠢᠷᠭᠤᠭᠠᠨ ᠰᠠᠷ᠎ᠠ ᠶᠢᠨ ᠠᠷᠪᠠᠨ ᠲᠠᠪᠤᠨ ᠳᠤ ᠪᠠᠭ᠎ᠠ ᠬᠡᠪᠴᠢᠶᠠᠨ ᠤ ᠴᠠᠮ ᠬᠠᠷᠠᠶᠢᠳᠠᠭ᠃ ᠲᠠᠷᠠ ᠨᠢ ᠮᠢᠯᠡ ᠪᠤᠭᠳᠠ ᠶᠢᠨ ᠴᠠᠮ ᠪᠤᠯᠤᠨ᠎ᠠ᠃ ᠲᠤᠰ ᠰᠦᠮ᠎ᠡ ᠳᠤ ᠪᠠᠰᠠ ᠰᠦᠮ᠎ᠡ ᠶᠢᠨ ᠰᠠᠩ ᠨᠢᠬᠡ ᠪᠠᠶᠢᠭᠰᠠᠨ ᠪᠦᠬᠡᠳ ᠪᠠᠭ᠎ᠠ ᠬᠡᠮᠵᠢᠶᠠᠨ ᠤ ᠭᠠᠵᠠᠷ ᠰᠢᠷᠤᠢ ᠪᠠᠨ ᠲᠦᠷᠢᠶᠡᠰᠦᠯᠡᠨ ᠲᠠᠷᠢᠭᠤᠯᠵᠦ᠂ ᠮᠠᠯ ᠤᠨᠤᠭ᠎ᠠ ᠪᠠᠰᠠ ᠡᠳᠦᠷ ᠲᠠᠳᠤᠢ ᠪᠠᠶᠢᠪᠠ᠃
 
ᠢᠷᠡᠯᠲᠡ᠄ ᠭᠦᠷᠢᠶ᠎ᠡ ᠲᠡᠤᠬᠡ ᠰᠤᠶᠤᠯ ᠰᠤᠳᠤᠯᠤᠯ ᠤᠨ ᠴᠤᠪᠤᠷᠠᠯ ᠪᠢᠴᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号