| | | 1 ᠰᠠᠷ᠎ᠠ ᠶᠢᠨ 11 ᠤ ᠡᠳᠦᠷ ᠤᠨ 11 ᠴᠠᠭ ᠲᠤ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠬᠦᠷᠢᠶ᠎ᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ | ᠬᠤᠷᠠᠯᠳᠤᠭᠠᠨ ᠤ ᠬᠤᠶᠠᠳᠤᠭᠠᠷ ᠪᠦᠬᠦᠳᠡ ᠬᠤᠷᠠᠯ ᠵᠢᠴᠢ ᠰᠣᠩᠭᠤᠭᠤᠯᠢ ᠶᠢᠨ ᠶᠡᠭᠡ ᠬᠤᠷᠠᠯ ᠬᠤᠷᠠᠯᠳᠤᠪᠠ᠃ | ᠬᠤᠷᠠᠯ ᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠴᠢᠩ ᠱᠠᠨ ᠡᠷᠭᠢᠯᠡᠪᠡ᠃ | ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠦᠷᠢᠶ᠎ᠡ ᠬᠤᠰᠢᠭᠤᠨ ᠤ ᠠᠷᠪᠠᠨ | ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠳᠤ ᠣᠲᠣ 138 ᠭᠡᠰᠢᠭᠦᠨ ᠪᠣᠶ᠂ ᠲᠣᠰ | ᠤᠳᠠᠭᠠᠨ ᠤ ᠪᠥᠬᠦᠳᠡ ᠬᠤᠷᠠᠯ ᠳᠤ 114 ᠭᠡᠰᠢᠭᠦᠨ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ | ᠲᠦᠷᠢᠮ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠶᠡᠭᠡ ᠬᠤᠷᠠᠯ ᠠᠴᠠ ︽ᠤᠯᠤᠰ ᠲᠥᠷᠥ ᠶᠢᠨ ᠵᠥᠪᠯᠡᠯᠭᠡᠨ ᠤ ᠬᠦᠷᠢᠶ᠎ᠡ ᠬᠤᠰᠢᠭᠤᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ︾ ︵ᠲᠥᠰᠦᠯ︶ ᠶᠢ | ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠬᠦᠷᠢᠶ᠎ᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ︵ | ᠲᠥᠰᠦᠯ︶ ᠢ ᠪᠠᠲᠤᠯᠠᠪᠠ᠃ ᠶᠡᠭᠡ ᠬᠤᠷᠠᠯ ᠠᠴᠠ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠬᠦᠷᠢᠶ᠎ᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ᠂ | ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠪᠠ︔ ᠤᠯᠤᠰ ᠲᠥᠷᠥ ᠶᠢᠨ ᠵᠥᠪᠯᠡᠯᠭᠡᠨ ᠤ ᠲᠦᠷᠢᠮ ᠤᠨ ᠲᠣᠭᠲᠠᠭᠠᠯ | ᠪᠠ ᠲᠣᠰ ᠤᠳᠠᠭᠠᠨ ᠤ ᠬᠤᠷᠠᠯ ᠠᠴᠠ ᠪᠠᠲᠤᠯᠠᠭᠰᠠᠨ ᠰᠣᠩᠭᠤᠭᠤᠯᠢ ᠶᠢᠨ ᠠᠷᠭ᠎ᠠ ᠶᠢᠨ ᠶᠣᠰᠣᠭᠠᠷ᠂ ᠯᠢᠦ ᠶᠦᠩ ᠹᠦ᠋ | ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠦᠷᠢᠶ᠎ᠡ ᠬᠤᠰᠢᠭᠤᠨ ᠤ ᠠᠷᠪᠠᠨ | ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠪᠠᠷ ᠰᠣᠩᠭᠤᠭᠳᠠᠪᠠ︔ ᠸᠠᠩ ᠮᠦᠸᠧ ᠬᠠᠨ᠂ ᠯᠢᠦ | ᠴᠠᠩ᠂ ᠶᠠᠩ ᠵᠢᠩ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠪᠠ᠃ |