1 ᠰᠠᠷ᠎ᠠ ᠶᠢᠨ 11 ᠤ ᠡᠳᠦᠷ ᠤᠨ 11 ᠴᠠᠭ 30 ᠮᠢᠨᠦ᠋ᠲ ᠲᠤ᠂ ᠳᠤᠮᠳᠠᠳᠤ ᠤᠯᠤᠰ ᠤᠨ ᠠᠷᠠᠳ ᠤᠨ | ᠤᠯᠤᠰ ᠲᠥᠷᠥ ᠶᠢᠨ ᠵᠥᠪᠯᠡᠯᠭᠡᠨ ᠤ ᠬᠦᠷᠢᠶ᠎ᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ | ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠰᠢᠭᠤᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠰᠠᠭᠤᠷᠢᠨ ᠭᠠᠵᠠᠷ ᠲᠤ | ᠠᠮᠵᠢᠯᠲᠠ ᠲᠠᠢ ᠲᠡᠭᠦᠰᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠧᠤ ᠯᠢᠶᠠᠩ ᠶᠤᠸᠠᠨ᠂ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ | ᠸᠠᠩ ᠸᠧᠶ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠸᠠᠩ ᠬᠦᠶ ᠯᠠᠨ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ | ᠲᠠᠶᠢᠰᠠᠨ ᠳᠤ ᠰᠠᠭᠠᠲᠠᠪᠠ᠃ | | | | | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠴᠢᠩ ᠱᠠᠨ ᠲᠡᠭᠦᠰᠬᠦ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠵᠠᠩ ᠹᠧᠩ ᠵᠦᠩ᠂ ᠭᠦ᠋ ᠰᠢᠤ ᠶᠢᠩ᠂ ᠸᠠᠩ ᠶᠣᠣ ᠬᠤᠢ᠂ ᠮᠡᠷᠭᠡᠨ᠂ | ᠯᠢᠦ ᠶᠦᠩ ᠹᠦ᠋᠂ ᠶᠢᠨ ᠭᠤᠸᠠᠩ ᠬᠤᠢ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠯᠢ ᠢᠦᠢ ᠹᠦ᠋᠂ ᠪᠦᠦ ᠰᠢ᠂ ᠯᠢ ᠶᠦᠨ ᠫᠧᠩ᠂ ᠵᠤᠤ | ᠭᠠᠩ᠂ ᠯᠢ ᠴᠦᠨ ᠡᡁᠧ᠂ ᠯᠢᠦ ᠲᠢᠶᠠᠨ ᠢ ᠨᠠᠷ ᠪᠤᠢ᠃ | ᠬᠤᠷᠠᠯ ᠠᠴᠠ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠦᠷᠢᠶ᠎ᠡ | ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠤᠯᠤᠰ | ᠲᠥᠷᠥ ᠶᠢᠨ ᠰᠢᠢᠳᠪᠦᠷᠢ︾᠂ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠦᠷᠢᠶ᠎ᠡ | ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠪᠠᠶᠢᠩᠭᠤ ᠶᠢᠨ | ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ︾᠂ ︽ᠳᠤᠮᠳᠠᠳᠤ ᠤᠯᠤᠰ ᠤᠨ ᠠᠷᠠᠳ ᠤᠨ ᠤᠯᠤᠰ | ᠲᠥᠷᠥ ᠶᠢᠨ ᠵᠥᠪᠯᠡᠯᠭᠡᠨ ᠤ ᠬᠦᠷᠢᠶ᠎ᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ | ᠳᠥᠷᠪᠡᠳᠦᠭᠡᠷ ᠬᠤᠷᠠᠯᠳᠤᠭᠠᠨ ᠤ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ | ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ︾ ᠶᠢ ᠬᠢᠨᠠᠨ | ᠵᠥᠪᠯᠡᠵᠦ ᠵᠥᠪᠰᠢᠶᠡᠷᠡᠨ᠂ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠦᠷᠢᠶ᠎ᠡ | ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠰᠠᠨᠠᠯ | ᠳᠤᠷᠠᠳᠤᠯᠭ᠎ᠠ ᠶᠢ ᠬᠢᠨᠠᠨ ᠪᠠᠶᠢᠴᠠᠭᠠᠬᠤ ᠵᠥᠪᠯᠡᠯ ᠤᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ | ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ | ᠪᠠᠲᠤᠯᠠᠪᠠ᠃ | ᠵᠧᠦ ᠯᠢᠶᠠᠩ ᠶᠤᠸᠠᠨ ᠶᠠᠷᠢᠶ᠎ᠠ ᠲᠠᠯᠪᠢᠪᠠ᠃ ᠲᠡᠷᠡ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ | ᠵᠥᠪᠯᠡᠯᠭᠡᠨ ᠤ ᠬᠦᠷᠢᠶ᠎ᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ | ᠬᠤᠷᠠᠯᠳᠤᠭᠠᠨ ᠨᠢ ᠪᠥᠬᠦ ᠭᠡᠰᠢᠭᠦᠳ ᠪᠣᠯᠤᠨ ᠬᠤᠷᠠᠯ ᠳᠤ ᠣᠷᠣᠯᠴᠠᠭᠰᠠᠨ ᠨᠥᠬᠦᠳ ᠤᠨ ᠬᠠᠮᠲᠤ ᠶᠢᠨ | ᠴᠢᠷᠮᠠᠶᠢᠯᠭ᠎ᠠ ᠪᠠᠷ᠂ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠨᠢᠭᠡ ᠵᠢᠯ ᠤᠨ ᠲᠤᠷᠰᠢ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠤᠯ ᠰᠡᠳᠦᠪ ᠢ ᠪᠠᠲᠤ ᠡᠵᠡᠮᠳᠡᠵᠦ᠂ ᠤᠯᠤᠰ | ᠲᠥᠷᠥ ᠶᠢᠨ ᠲᠠᠯ᠎ᠠ ᠪᠠᠷ ᠰᠡᠳᠬᠢᠯ ᠨᠢᠭᠡᠳᠬᠦ᠂ ᠦᠵᠡᠯ ᠰᠠᠨᠠᠭᠠᠨ ᠤ ᠲᠠᠯ᠎ᠠ ᠪᠠᠷ ᠢᠵᠢᠯ ᠴᠢᠭᠯᠡᠯ ᠲᠠᠢ᠂ ᠦᠢᠯᠡ | ᠠᠵᠢᠯᠯᠠᠭ᠎ᠠ ᠶᠢᠨ ᠲᠠᠯ᠎ᠠ ᠪᠠᠷ ᠢᠵᠢᠯ ᠠᠯᠬᠤᠮ ᠲᠠᠢ᠂ ᠠᠵᠢᠯ ᠦᠢᠯᠡᠰ ᠤᠨ ᠲᠠᠯ᠎ᠠ ᠪᠠᠷ ᠵᠡᠷᠭᠡᠪᠡᠷ ᠤᠷᠤᠭᠰᠢᠯᠠᠬᠤ ᠶᠢ | ᠪᠠᠷᠢᠮᠲᠠᠯᠠᠵᠤ᠂ ᠭᠤᠤᠯ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠶᠡᠭᠡ ᠬᠡᠮᠵᠢᠶᠡᠨ ᠤ ᠭᠠᠷᠮᠠᠭᠠᠶ ᠪᠦᠲᠦᠮᠵᠢᠲᠡᠶ ᠠᠵᠢᠯ ᠬᠢᠵᠡᠶ ᠭᠡᠪᠡ᠃ | ᠵᠧᠦ ᠯᠢᠶᠠᠩ ᠶᠤᠸᠠᠨ ᠴᠢᠬᠤᠯᠠᠴᠢᠯᠠᠭᠰᠠᠨ ᠨᠢ᠂ ᠦᠨᠡᠨᠴᠢ ᠰᠢᠳᠤᠷᠭᠤ ᠪᠠᠶᠢᠬᠤ ᠶᠢᠨ ᠰᠦᠭ ᠰᠦᠨᠡᠰᠦ ᠶᠢ | ᠪᠠᠲᠤᠳᠬᠠᠵᠤ᠂ ᠤᠯᠤᠰ ᠲᠦᠷᠦ ᠶᠢᠨ ᠴᠢᠭᠯᠡᠯ ᠢ ᠪᠠᠲᠤᠳᠬᠠᠬᠤ ᠲᠠᠯ᠎ᠠ ᠪᠠᠷ ︽ᠤᠯᠤᠰ ᠲᠦᠷᠦ ᠶᠢᠨ ᠵᠥᠪᠯᠡᠯᠭᠡᠨ ᠤ | ᠵᠣᠭᠰᠣᠴᠠ︾ ᠶᠢ ᠢᠯᠡᠷᠡᠭᠦᠯᠬᠦ ᠬᠡᠷᠡᠭᠲᠡᠢ︔ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠭᠤᠣᠯ ᠶᠡᠭᠡ | ᠲᠠᠯ᠎ᠠ ᠳᠤ ᠦᠢᠯᠡᠴᠢᠯᠡᠬᠦ ᠲᠠᠯ᠎ᠠ ᠪᠠᠷ ︽ᠤᠯᠤᠰ ᠲᠦᠷᠦ ᠶᠢᠨ ᠵᠥᠪᠯᠡᠯᠭᠡᠨ ᠤ ᠡᠭᠦᠷᠭᠡᠯᠡᠯ︾ ᠢ ᠡᠭᠦᠷᠭᠡᠯᠡᠬᠦ ᠬᠡᠷᠡᠭᠲᠡᠢ︔ | ᠠᠷᠠᠳ ᠤᠨ ᠲᠥᠯᠥᠭᠡ ᠵᠢᠳᠬᠦᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠨᠡᠮᠡᠭᠳᠡᠭᠦᠯᠬᠦ ᠲᠠᠯ᠎ᠠ ᠪᠠᠷ ︽ᠤᠯᠤᠰ ᠲᠦᠷᠦ ᠶᠢᠨ ᠵᠥᠪᠯᠡᠯᠭᠡᠨ ᠤ ᠳᠤᠯᠠᠭᠠᠴᠠ︾ ᠶᠢ ᠢᠯᠡᠷᠡᠭᠦᠯᠬᠦ ᠬᠡᠷᠡᠭᠲᠡᠢ︔ | ᠡᠭᠦᠷᠭᠡ ᠲᠤᠰᠢᠶᠠᠯ ᠢᠶᠠᠨ ᠭᠦᠢᠴᠡᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠴᠠᠭᠠᠷᠠᠭᠰᠠᠨ ᠴᠢᠳᠠᠪᠤᠷᠢ ᠶᠢ | ᠪᠤᠢ ᠪᠣᠯᠭᠠᠬᠤ ᠲᠠᠯ᠎ᠠ ᠪᠠᠷ ︽ᠤᠯᠤᠰ ᠲᠦᠷᠦ ᠶᠢᠨ ᠵᠥᠪᠯᠡᠯᠭᠡᠨ ᠤ ᠰᠢᠨ᠎ᠡ ᠳᠦᠷᠰᠦ ᠪᠠᠶᠢᠳᠠᠯ︾ ᠢ ᠢᠯᠡᠷᠡᠭᠦᠯᠬᠦ | ᠬᠡᠷᠡᠭᠲᠡᠶ ᠭᠡᠪᠡ᠃ | ᠵᠧᠦ ᠯᠢᠶᠠᠩ ᠶᠤᠸᠠᠨ ᠴᠢᠬᠤᠯᠠᠴᠢᠯᠠᠭᠰᠠᠨ ᠨᠢ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ | ᠡᠷᠬᠡᠪᠰᠢ ᠤᠯᠤᠰ ᠲᠦᠷᠦ ᠶᠢᠨ ᠬᠡᠪ ᠴᠢᠨᠠᠷ ᠢᠶᠠᠨ ᠨᠠᠨᠳᠢᠩᠨᠠᠵᠤ᠂ ᠤᠯᠤᠰ ᠲᠦᠷᠦ ᠶᠢᠨ ᠬᠡᠪ ᠴᠢᠨᠠᠷ ᠢᠶᠠᠨ ᠳᠠᠪᠲᠠᠨ | ᠪᠣᠯᠪᠠᠰᠤᠷᠠᠭᠤᠯᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠦᠨ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠦ᠂ ᠬᠦᠷᠢᠶ᠎ᠡ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠳᠤ ᠲᠠᠬᠢᠨ ᠰᠢᠨ᠎ᠡ ᠭᠠᠪᠢᠶ᠎ᠠ | ᠪᠠᠶᠢᠭᠤᠯᠬᠤ ᠬᠡᠷᠡᠭᠲᠡᠢ᠃ ᠬᠤᠰᠢᠭᠤᠨ ᠤ ᠨᠠᠮ ᠤᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠵᠠᠰᠠᠭ ᠤᠨ | ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠲᠠᠯ᠎ᠠ ᠪᠠᠷ ᠳᠡᠮᠵᠢᠵᠦ᠂ ᠠᠷᠠᠳᠴᠢᠯᠠᠯ ᠢᠶᠠᠷ ᠬᠢᠨᠠᠯᠲᠠ | ᠲᠠᠯᠪᠢᠬᠤ ᠲᠠᠯ᠎ᠠ ᠪᠠᠷ ᠪᠠᠶᠠᠷᠯᠠᠨ ᠤᠭᠲᠤᠵᠤ᠂ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠬᠠᠯᠠᠮᠵᠢᠯᠠᠵᠤ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠠᠵᠢᠯ ᠢᠶᠠᠨ ᠥᠷᠨᠢᠭᠦᠯᠬᠦ ᠳᠤ ᠰᠠᠶᠢᠨ ᠰᠠᠶᠢᠬᠠᠨ | ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ ᠪᠥᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠨ ᠬᠢᠨ ᠤᠬᠠᠮᠰᠠᠷ ᠠᠴᠠ ᠪᠠᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠬᠤᠯᠠ ᠪᠠᠶᠢᠷᠢᠨ ᠳᠤ | ᠲᠠᠯᠪᠢᠵᠤ᠂ ᠤᠯᠤᠰ ᠲᠥᠷᠥ ᠶᠢᠨ ᠵᠥᠪᠯᠡᠯᠭᠡᠨ ᠤ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ | ᠵᠥᠪᠯᠡᠬᠦ ᠶᠢ ᠶᠡᠬᠡᠪᠡᠷ ᠳᠡᠮᠵᠢᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠰᠠᠨᠠᠭᠤᠯᠭ᠎ᠠ ᠶᠢ ᠢᠳᠡᠪᠬᠢᠲᠡᠶ | ᠭᠥᠯᠢᠶᠡᠨ ᠠᠪᠴᠤ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠬᠢᠨᠠᠮᠠᠭᠠᠶ ᠰᠢᠢᠳᠪᠦᠷᠢᠯᠡᠨ᠂ | ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠤᠯᠤᠰ ᠲᠥᠷᠥ ᠶᠢᠨ ᠪᠠᠶᠢᠷᠢ ᠰᠠᠭᠤᠷᠢ ᠲᠠᠢ᠂ ᠰᠠᠨᠠᠯ ᠵᠥᠪᠯᠡᠯᠭᠡ | ᠳᠤᠷᠠᠳᠬᠤ ᠲᠣᠬᠢᠶᠠᠯ ᠲᠠᠢ᠂ ᠬᠦᠴᠦᠨ ᠴᠢᠳᠠᠯ ᠢᠶᠠᠨ ᠭᠠᠷᠭᠠᠬᠤ ᠲᠠᠪᠴᠠᠩ ᠲᠠᠢ ᠪᠠᠶᠢᠬᠤ ᠶᠢ ᠪᠠᠲᠤᠯᠠᠬᠤ ᠬᠡᠷᠡᠭᠲᠡᠶ | ᠭᠡᠪᠡ᠃ | ᠪᠠᠢ ᠴᠢᠩ ᠱᠠᠨ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠬᠦ ᠲᠤᠬᠠᠢ ᠱᠠᠭᠠᠷᠳᠠᠭᠰᠠᠨ ᠨᠢ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ | ᠴᠢᠭᠯᠡᠯ ᠢᠶᠠᠨ ᠪᠠᠲᠤᠳᠬᠠᠬᠤ ᠲᠠᠯ᠎ᠠ ᠪᠠᠷ ᠤᠯᠤᠰ ᠲᠦᠷᠦ ᠶᠢᠨ ᠵᠥᠪᠯᠡᠯᠭᠡᠨ ᠤ ᠵᠣᠭᠰᠣᠴᠠ ᠪᠠᠨ ᠢᠯᠡᠷᠡᠭᠦᠯᠬᠦ ᠬᠡᠷᠡᠭᠲᠡᠢ᠃ | ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠪᠠᠶᠢᠭᠤᠯᠤᠯ ᠪᠠ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ | ᠵᠣᠬᠢᠶᠠᠨ ᠪᠠᠶᠢᠭᠤᠯᠤᠯᠲᠠ ᠶᠢᠨ ᠢᠯᠡ ᠲᠣᠳᠣ ᠤᠯᠤᠰ ᠲᠥᠷᠦ ᠶᠢᠨ ᠰᠢᠨᠵᠢ ᠴᠢᠨᠠᠷ ᠢ ᠭᠦᠨᠵᠡᠭᠡᠶ ᠲᠠᠨᠢᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠤᠯᠤᠰ ᠲᠥᠷᠦ ᠶᠢᠨ ᠵᠥᠪᠯᠡᠯᠭᠡᠨ ᠤ ᠠᠵᠢᠯ ᠢ ᠶᠡᠷᠦᠩᠬᠡᠶᠢᠯᠡᠨ ᠵᠢᠯᠣᠭᠤᠳᠬᠤ ᠶᠡᠷᠦᠩᠬᠡᠶ ᠬᠥᠲᠥᠯᠪᠦᠷᠢ | ᠪᠣᠯᠭᠠᠬᠤ ᠶᠢ ᠪᠠᠷᠢᠮᠲᠠᠯᠠᠵᠤ᠂ ᠤᠯᠤᠰ ᠲᠥᠷᠦ ᠶᠢᠨ ᠵᠥᠪᠯᠡᠯᠭᠡᠨ ᠤ ᠠᠵᠢᠯ ᠤᠨ ᠵᠥᠪ ᠴᠢᠭᠯᠡᠯ ᠢᠶᠠᠷ ᠤᠷᠤᠭᠰᠢᠯᠠᠬᠤ ᠶᠢ | ᠦᠨᠡᠨ ᠬᠦ ᠪᠠᠲᠤᠯᠠᠬᠤ ᠬᠡᠷᠡᠭᠲᠡᠶ᠃ ᠵᠥᠪᠯᠡᠬᠦ ᠭᠤᠣᠯ ᠠᠵᠢᠯ ᠢ ᠪᠣᠳᠠᠲᠠᠢ ᠠᠳᠬᠤᠵᠤ᠂ ᠬᠥᠭᠵᠢᠯᠲᠡ ᠶᠢᠨ ᠶᠡᠭᠡ | ᠲᠠᠯ᠎ᠠ ᠳᠤ ᠦᠢᠯᠡᠴᠢᠯᠡᠬᠦ ᠳᠤᠮᠳᠠ ᠤᠯᠤᠰ ᠲᠦᠷᠦ ᠶᠢᠨ ᠵᠥᠪᠯᠡᠯᠭᠡᠨ ᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠲᠠᠪᠤᠳᠤᠭᠠᠷ ᠪᠥᠬᠦᠳᠡ | ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠠᠵᠢᠯ ᠪᠠ ᠭᠤᠤᠯᠳᠠᠯᠭ᠎ᠠ ᠲᠠᠢ ᠡᠭᠦᠷᠭᠡ ᠶᠢ | ᠴᠢᠩᠭ᠎ᠠ ᠠᠩᠬᠠᠷᠴᠤ᠂ ᠣᠳᠣᠬᠢᠴᠢᠯᠠᠭᠰᠠᠨ ᠬᠦᠷᠢᠶ᠎ᠡ ᠶᠢ ᠪᠥᠲᠥᠭᠡᠨ ᠪᠠᠶᠢᠭᠤᠯᠬᠤ ᠳᠤ ᠦᠨᠡᠨ ᠬᠦ ᠢᠳᠡᠪᠬᠢᠲᠡᠶ ᠬᠤᠪᠢ | ᠨᠡᠮᠡᠷᠢ ᠦᠵᠡᠭᠦᠯᠬᠦ ᠬᠡᠷᠡᠭᠲᠡᠢ᠃ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠶᠡᠭᠡ ᠪᠦᠯᠬᠦᠮᠳᠡᠯ ᠶᠡᠭᠡ | ᠬᠤᠯᠪᠣᠭᠠᠯᠠᠯ ᠤᠨ ᠳᠤᠮᠳᠠ ᠤᠯᠤᠰ ᠲᠦᠷᠦ ᠶᠢᠨ ᠵᠥᠪᠯᠡᠯᠭᠡᠨ ᠤ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠶ᠃ | ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠰᠠᠨᠠᠯ | ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠬᠤᠤᠰ ᠴᠢᠭᠯᠡᠯ ᠢᠶᠠᠷ | ᠬᠦᠴᠦᠯᠡᠬᠦ ᠶᠢ ᠪᠠᠷᠢᠮᠲᠠᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠬᠥᠮᠦᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠤᠨ᠎ᠠ᠃ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠴᠠᠭᠠᠷᠠᠭᠰᠠᠨ | ᠴᠢᠳᠠᠪᠤᠷᠢ ᠶᠢ ᠳᠠᠪᠲᠠᠨ ᠪᠣᠯᠪᠠᠰᠤᠷᠠᠭᠤᠯᠬᠤ ᠲᠠᠯ᠎ᠠ ᠪᠠᠷ ᠤᠯᠤᠰ ᠲᠦᠷᠦ ᠶᠢᠨ ᠵᠥᠪᠯᠡᠯᠭᠡᠨ ᠤ ᠴᠤᠭ ᠵᠢᠪᠬᠤᠭ᠎ᠠ ᠪᠠᠨ | ᠢᠯᠡᠷᠡᠭᠦᠯᠬᠦ ᠬᠡᠷᠡᠭᠲᠡᠶ᠃ ︽ᠤᠯᠤᠰ ᠲᠥᠷᠥ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ | ᠵᠥᠪᠯᠡᠬᠦ ᠳᠡᠭᠡᠨ ᠴᠢᠳᠠᠮᠠᠭᠠᠶ ᠪᠠᠶᠢᠬᠤ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠡᠷᠬᠢᠮᠯᠡᠬᠦ᠂ ᠵᠠᠩ | ᠰᠤᠷᠲᠠᠯ ᠢ ᠴᠢᠬᠤᠯᠠᠴᠢᠯᠠᠬᠤ︾ ᠱᠠᠭᠠᠷᠳᠠᠯᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠭᠡᠰᠢᠭᠦᠳ ᠪᠠ | ᠪᠠᠶᠢᠭᠤᠯᠭ᠎ᠠ ᠶᠢᠨ ︽ᠬᠤᠶᠠᠷ ᠡᠩᠨᠡᠭᠡ︾ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ | ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤᠮᠳᠠ ᠤᠯᠤᠰ ᠲᠥᠷᠥ ᠶᠢᠨ ᠵᠥᠪᠯᠡᠯᠭᠡᠨ ᠤ | ᠡᠭᠦᠷᠭᠡᠯᠡᠯ ᠢ ᠨᠠᠩ ᠰᠠᠶᠢᠨ ᠢᠯᠡᠷᠡᠭᠦᠯᠵᠦ᠂ ᠭᠡᠰᠢᠭᠦᠳ ᠤᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠪᠡ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ | ᠲᠡᠭᠦᠰᠪᠡ᠃ |