1 ᠰᠠᠷ᠎ᠠ ᠶᠢᠨ 11 ᠤ ᠡᠳᠦᠷ᠂ ᠬᠦᠷᠢᠶ᠎ᠡ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠠᠷᠠᠳ ᠤᠨ | ᠲᠥᠯᠥᠭᠡᠯᠡᠭᠴᠢᠳ ᠦᠷᠭᠦᠯᠵᠢᠯᠡᠨ ᠳᠤᠭᠤᠶᠢᠯᠠᠩ ᠬᠤᠪᠢᠶᠠᠨ ᠶᠠᠷᠢᠯᠴᠠᠵᠤ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠰᠢᠭᠦᠬᠦ | ᠬᠤᠷᠢᠶ᠎ᠠ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃ | | | | | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠸᠠᠩ ᠬᠦᠶ ᠯᠠᠨ ᠮᠠᠩᠬᠠᠨ ᠰᠤᠮᠤ ᠶᠢᠨ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ | ᠶᠠᠷᠢᠯᠴᠠᠬᠤ ᠳᠤ ᠣᠷᠣᠯᠴᠠᠪᠠ᠃ ᠶᠠᠷᠢᠯᠴᠠᠬᠤ ᠳᠤᠮᠳᠠ᠂ ᠸᠠᠩ ᠬᠦᠢ ᠯᠠᠨ ᠲᠥᠯᠥᠭᠡᠯᠡᠭᠴᠢᠳ ᠤᠨ ᠰᠠᠨᠠᠯ | ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠰᠣᠨᠣᠰᠬᠤ ᠶᠢᠨ ᠳᠠᠭᠠᠤ ᠲᠡᠮᠳᠡᠭᠯᠡᠵᠦ᠂ ᠤᠯᠠᠨ ᠲᠠᠢ ᠰᠠᠨᠠᠯ ᠢᠶᠠᠨ | ᠭᠦᠨᠵᠡᠭᠡᠢ ᠰᠣᠯᠢᠯᠴᠠᠪᠠ᠃ ᠲᠡᠷᠡ ᠢᠯᠡᠷᠬᠡᠶᠢᠯᠡᠭᠰᠡᠨ ᠨᠢ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠳᠤ ᠪᠠᠲᠤ ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠮᠥᠨ᠂ ᠪᠥᠬᠦ | ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠭᠤᠤᠯ ᠠᠵᠢᠯ ᠪᠠ ᠠᠷᠠᠳ ᠤᠨ ᠠᠮᠢᠳᠤᠷᠠᠯ ᠤᠨ | ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ | ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠠᠷᠠᠳ ᠤᠨ ᠪᠠᠶᠢᠳᠠᠯ ᠠᠷᠠᠳ ᠤᠨ | ᠰᠠᠨᠠᠭ᠎ᠠ ᠶᠢ ᠴᠤᠭᠯᠠᠭᠤᠯᠵᠤ᠂ ᠣᠯᠠᠨ ᠲᠦᠮᠡᠨ ᠤ ᠬᠦᠰᠡᠯ ᠰᠠᠨᠠᠭ᠎ᠠ ᠶᠢ ᠲᠤᠰᠬᠠᠵᠤ᠂ ᠢᠳᠡᠪᠬᠢᠲᠡᠶ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠤᠬᠠᠶᠢᠯᠠᠭᠰᠠᠨ ᠠᠵᠢᠯ ᠤᠨ ᠳᠤᠮᠳᠠ ᠭᠠᠪᠢᠶ᠎ᠠ ᠪᠠᠶᠢᠭᠤᠯᠵᠤ | ᠦᠢᠯᠡᠰ ᠪᠦᠲᠦᠭᠡᠬᠦ ᠬᠡᠷᠡᠭᠲᠡᠢ ᠭᠡᠵᠡᠢ᠃ | ᠡᠯ᠎ᠡ ᠲᠥᠯᠥᠭᠡᠯᠡᠭᠴᠢᠳ ᠤᠨ ᠪᠦᠯᠬᠦᠮ ᠳᠤ᠂ ᠲᠥᠯᠥᠭᠡᠯᠡᠭᠴᠢᠳ ᠮᠡᠳᠡᠭᠦᠯᠦᠯᠲᠡ ᠶᠢᠨ ᠲᠣᠭᠤᠷᠢᠨ ᠳᠤ | ᠪᠣᠳᠠᠲᠠᠢ ᠲᠠᠢ ᠪᠠᠨ ᠤᠶᠠᠯᠳᠤᠭᠤᠯᠵᠤ᠂ ᠲᠦᠷᠦᠭᠳᠡᠯ ᠢᠶᠠᠨ ᠶᠠᠷᠢᠵᠤ᠂ ᠣᠶᠢᠯᠠᠭᠠᠯᠲᠠ ᠪᠠᠨ ᠬᠡᠯᠡᠵᠦ᠂ ᠰᠠᠨᠠᠭᠤᠯᠭ᠎ᠠ | ᠳᠤᠷᠠᠳᠴᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ ᠲᠥᠯᠥᠭᠡᠯᠡᠭᠴᠢᠳ | ᠰᠠᠨᠠᠯ ᠨᠢᠭᠡᠲᠡᠶ ᠦᠵᠡᠭᠰᠡᠨ ᠨᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠭᠤᠤᠯ ᠰᠡᠳᠦᠪ ᠲᠣᠪᠤᠶᠢᠮ᠎ᠠ᠂ ᠰᠤᠳᠠᠰᠤ ᠲᠣᠳᠣᠷᠬᠠᠶ᠂ | ᠠᠭᠤᠯᠭ᠎ᠠ ᠨᠠᠷᠢᠨ ᠪᠣᠳᠠᠲᠠᠶ᠂ ᠥᠩᠭᠡᠷᠡᠭᠰᠡᠨ ᠤ ᠠᠵᠢᠯ ᠢᠶᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ | ᠠᠰᠠᠭᠤᠳᠠᠯ ᠢ ᠵᠠᠳᠠᠯᠬᠤ ᠳᠠᠭᠠᠨ ᠪᠤᠰᠤᠳᠴᠢ ᠪᠥᠭᠡᠳ ᠪᠣᠳᠠᠲᠠᠶ ᠶᠢ ᠡᠷᠬᠢᠮᠯᠡᠵᠦ᠂ ᠠᠵᠢᠯ ᠢᠶᠠᠨ ᠪᠠᠶᠢᠷᠢᠯᠠᠭᠤᠯᠬᠤ | ᠰᠡᠳᠬᠢᠴᠡ ᠲᠣᠳᠣᠷᠬᠠᠶ ᠪᠠᠶᠢᠵᠤ᠂ ᠠᠷᠠᠳ ᠣᠯᠠᠨ ᠤ ᠬᠦᠰᠡᠯ ᠰᠠᠨᠠᠭ᠎ᠠ ᠪᠠ ᠰᠢᠨ᠎ᠡ ᠪᠠᠶᠢᠳᠠᠯ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ ᠭᠡᠪᠡ᠃ | ᠲᠥᠯᠥᠭᠡᠯᠡᠭᠴᠢᠳ ᠤᠨ ᠦᠵᠡᠬᠦ ᠪᠠᠷ᠂ ᠨᠢᠭᠡ ᠵᠢᠯ ᠤᠨ ᠲᠤᠷᠰᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ | ᠴᠠᠭ ᠦᠶ᠎ᠡ ᠰᠢᠨ᠎ᠡ ᠠᠶᠠᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠡᠭᠦᠷᠭᠡ | ᠬᠠᠷᠢᠭᠤᠴᠠᠯᠭ᠎ᠠ ᠶᠢ ᠣᠨᠣᠪᠴᠢᠲᠠᠶ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ | ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠤᠨ᠂ ᠪᠥᠬᠦ ᠬᠤᠰᠢᠭᠤᠨ ᠤ ᠬᠥᠭᠵᠢᠯᠲᠡ ᠶᠢᠨ ᠶᠡᠭᠡ | ᠲᠠᠯ᠎ᠠ ᠲᠠᠢ ᠨᠢᠭᠲᠠ ᠤᠶᠠᠯᠳᠤᠭᠤᠯᠤᠨ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ | ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠪᠢ | ᠨᠡᠮᠡᠷᠢ ᠪᠠᠨ ᠦᠵᠡᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ 2025 ᠣᠨ ᠤ ᠠᠵᠢᠯ ᠤᠨ ᠲᠤᠬᠠᠶ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠨᠢ ᠡᠭᠦᠷᠭᠡ | ᠬᠠᠷᠢᠭᠤᠴᠠᠯᠭ᠎ᠠ ᠲᠠᠢ ᠪᠠᠨ ᠨᠢᠭᠲᠠ ᠤᠶᠠᠯᠳᠤᠭᠤᠯᠤᠨ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ | ᠡᠭᠦᠷᠭᠡ ᠲᠣᠳᠣᠷᠬᠠᠶ ᠪᠠᠶᠢᠵᠤ᠂ ᠢᠲᠡᠭᠡᠯ ᠵᠣᠷᠢᠭ ᠢᠶᠠᠨ ᠬᠥᠪᠴᠢᠯᠡᠨ᠂ ᠡᠷᠴᠢ ᠵᠣᠷᠢᠭ ᠢᠶᠠᠨ ᠬᠥᠪᠴᠢᠯᠡᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠶᠢ ᠨᠠᠩ ᠴᠢᠭᠯᠡᠯ ᠲᠠᠢ᠂ ᠨᠠᠩ ᠢᠲᠡᠭᠡᠯ ᠵᠣᠷᠢᠭ ᠲᠠᠢ ᠪᠣᠯᠭᠠᠪᠠ ᠭᠡᠵᠡᠢ᠃ | ︽ᠬᠤᠶᠠᠷ ᠬᠤᠷᠢᠶ᠎ᠠ︾ ᠶᠢᠨ ᠠᠵᠢᠯ ᠤᠨ ᠢᠯᠡᠳᠬᠡᠯ ᠢ ᠶᠠᠷᠢᠯᠴᠠᠬᠤ ᠦᠶ᠎ᠡ ᠳᠤ᠂ ᠲᠥᠯᠥᠭᠡᠯᠡᠭᠴᠢᠳ ᠤᠨ | ᠦᠵᠡᠬᠦ ᠪᠠᠷ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠠᠭᠤᠯᠭ᠎ᠠ ᠨᠢ ᠪᠦᠬᠦ | ᠲᠠᠯ᠎ᠠ ᠶᠢᠨ᠂ ᠭᠤᠣᠯᠳᠠᠯᠭ᠎ᠠ ᠨᠢ ᠲᠤᠪᠤᠶᠢᠮ᠎ᠠ᠂ ᠲᠤᠭ᠎ᠠ ᠪᠠᠷᠢᠮᠲᠠ ᠨᠢ ᠨᠠᠷᠢᠨ ᠪᠣᠳᠠᠲᠠᠶ᠂ ᠥᠩᠭᠡᠷᠡᠭᠰᠡᠨ ᠨᠢᠭᠡ ᠵᠢᠯ ᠤᠨ | ᠠᠵᠢᠯ ᠤᠨ ᠠᠮᠵᠢᠯᠲᠠ ᠶᠢ ᠪᠤᠰᠤᠳᠴᠢ ᠪᠠᠷ ᠲᠤᠰᠬᠠᠵᠤ᠂ ᠡᠨᠡ ᠵᠢᠯ ᠤᠨ ᠠᠵᠢᠯ ᠤᠨ ᠲᠣᠬᠢᠷᠠᠭᠤᠯᠤᠯᠲᠠ ᠨᠢ | ᠲᠣᠳᠣᠷᠬᠠᠶ ᠪᠥᠭᠡᠳ ᠪᠣᠳᠠᠲᠠᠶ ᠪᠠᠶᠢᠨ᠎ᠠ᠃ ᠥᠩᠭᠡᠷᠡᠭᠰᠡᠨ ᠨᠢᠭᠡ ᠵᠢᠯ ᠳᠤ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ | ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠠᠷᠠᠳ ᠤᠨ ᠲᠥᠯᠥᠭᠡ | ᠬᠠᠤᠯᠢ ᠪᠠᠷᠢᠬᠤ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠠᠷᠠᠳ ᠣᠯᠠᠨ ᠤ ᠬᠠᠤᠯᠢ ᠪᠠᠷᠢᠬᠤ | ᠰᠢᠳᠤᠷᠭᠤ ᠶᠣᠰᠣᠨ ᠤ ᠲᠤᠬᠠᠶ ᠠᠩᠬᠠᠷᠤᠯ ᠪᠠ ᠬᠦᠰᠡᠯ ᠡᠷᠡᠮᠡᠯᠵᠡᠯ ᠳᠤ ᠦᠨᠡᠨ ᠬᠦ ᠬᠠᠷᠢᠭᠤᠯᠲᠠ ᠥᠭᠴᠦ᠂ ᠬᠦᠷᠢᠶ᠎ᠡ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠭᠰᠠᠨ ᠪᠠᠶᠢᠨ᠎ᠠ | ᠭᠡᠪᠡ᠃ | ᠡᠯ᠎ᠡ ᠲᠥᠯᠥᠭᠡᠯᠡᠭᠴᠢᠳ ᠤᠨ ᠪᠦᠯᠬᠦᠮ ᠪᠠᠰᠠ ᠡᠯ᠎ᠡ ᠵᠦᠢᠯ ᠤᠨ ᠵᠢᠱᠢᠭᠳᠡᠭᠰᠡᠳ ᠢ ᠳᠤᠭᠤᠶᠢᠯᠠᠩ ᠬᠤᠪᠢᠶᠠᠨ | ᠶᠠᠷᠢᠯᠴᠠᠵᠤ᠂ ᠪᠢᠯᠧᠲ ᠬᠢᠨᠠᠭᠴᠢ ᠶᠢ ᠲᠠᠨᠢᠯᠴᠠᠭᠤᠯᠵᠤ᠂ ᠵᠢᠱᠢᠭᠳᠡᠭᠰᠡᠳ ᠡᠯ᠎ᠡ ᠲᠥᠯᠥᠭᠡᠯᠡᠭᠴᠢᠳ ᠤᠨ ᠪᠦᠯᠬᠦᠮ ᠤᠨ | ᠲᠥᠯᠥᠭᠡᠯᠡᠭᠴᠢᠳ ᠲᠠᠢ ᠠᠭᠤᠯᠵᠠᠪᠠ᠃ | ᠯᠢ ᠢᠦᠢ ᠹᠦ᠋᠂ ᠪᠦᠦ ᠰᠢ᠂ ᠪᠦᠦ ᠱᠠᠭᠠᠷᠠᠢ᠂ ᠢᠦᠢ ᠮᠢᠩ ᠮᠢᠩ᠂ ᠵᠢᠢ ᠱᠤᠸᠠᠩ ᠯᠢ ᠲᠤᠰ ᠲᠤᠰ ᠥᠪᠡᠷ ᠤᠨ | ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠶᠠᠷᠢᠯᠴᠠᠬᠤ ᠳᠤ ᠣᠷᠣᠯᠴᠠᠪᠠ᠃ |