ᠬᠦᠷᠢᠶ᠎ᠡ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/12
    1 ᠰᠠᠷ᠎ᠠ ᠶᠢᠨ 11 ᠤ ᠡᠳᠦᠷ ᠤᠨ 16 ᠴᠠᠭ 30 ᠮᠢᠨᠦ᠋ᠲ ᠲᠤ᠂ ᠬᠦᠷᠢᠶ᠎ᠡ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠸᠠᠩ ᠬᠦᠶ ᠯᠠᠨ ᠬᠤᠷᠠᠯ ᠡᠷᠭᠢᠯᠡᠪᠡ᠃
   ᠬᠤᠷᠠᠯ ᠠᠴᠠ ᠡᠯ᠎ᠡ ᠲᠥᠯᠥᠭᠡᠯᠡᠭᠴᠢᠳ ᠤᠨ ᠪᠦᠯᠬᠦᠮ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ᠂ ᠲᠥᠯᠥᠪᠯᠡᠭᠡ᠂ ᠲᠥᠰᠦᠪ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ᠂ ᠬᠦᠷᠢᠶ᠎ᠡ ᠬᠤᠰᠢᠭᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠰᠡᠨ ᠲᠥᠷᠥᠯ ᠵᠦᠢᠯ ᠢ ᠶᠠᠷᠢᠯᠴᠠᠨ  ᠵᠦᠪᠯᠡᠵᠦ᠂ ᠡᠯ᠎ᠡ ᠵᠦᠢᠯ ᠤᠨ ᠵᠢᠱᠢᠭᠳᠡᠭᠴᠢ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠳᠤᠯᠤᠨ ᠶᠠᠷᠢᠯᠴᠠᠵᠤ᠂ ᠵᠢᠩᠬᠢᠨᠢ ᠵᠢᠱᠢᠭᠳᠡᠭᠴᠢ ᠶᠢ ᠲᠣᠭᠲᠠᠭᠠᠪᠠ︔ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠲᠥᠯᠥᠪᠯᠡᠭᠡ᠂ ᠲᠥᠰᠦᠪ ᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ︔ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ︔  ᠪᠢᠯᠧᠲ ᠬᠢᠨᠠᠭᠴᠢᠳ ᠤᠨ ᠨᠡᠷᠡᠰ ︵ᠲᠥᠰᠦᠯ︶ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠪᠠ︔ ᠫᠢᠶᠣᠣ ᠪᠦᠷᠢᠳᠬᠡᠭᠴᠢ ᠶᠢ ᠲᠣᠭᠲᠠᠭᠠᠪᠠ︔ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠦᠷᠢ ︵ᠲᠥᠰᠦᠯ︶ ᠶᠢ ᠬᠢᠨᠠᠨ ᠵᠥᠪᠯᠡᠵᠦ ᠪᠠᠲᠤᠯᠠᠭᠠᠳ᠂ ᠪᠦᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠬᠤ ᠶᠢᠨ ᠬᠠᠮᠲᠤ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号