ᠬᠦᠷᠢᠶ᠎ᠡ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠭᠤᠷᠪᠠᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/13
   1 ᠰᠠᠷ᠎ᠠ ᠶᠢᠨ 12 ᠤᠨ ᠡᠳᠦᠷ ᠤᠨ 8 ᠴᠠᠭ 30 ᠮᠢᠨᠦ᠋ᠲ ᠲᠤ᠂ ᠬᠦᠷᠢᠶ᠎ᠡ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠭᠤᠷᠪᠠᠳᠤᠭᠠᠷ ᠪᠥᠬᠦᠳᠡ ᠬᠤᠷᠠᠯ ᠬᠤᠷᠠᠯᠳᠤᠪᠠ᠃ ᠬᠦᠷᠢᠶ᠎ᠡ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠤᠳᠤ ᠪᠠᠶᠢᠭ᠎ᠠ ᠲᠥᠯᠥᠭᠡᠯᠡᠭᠴᠢ 177 ᠬᠥᠮᠦᠨ᠂ ᠤᠴᠢᠷ ᠶᠠᠪᠤᠳᠠᠯ ᠡᠪᠡᠳᠴᠢᠨ ᠠᠴᠠ ᠪᠤᠯᠵᠤ 14 ᠬᠥᠮᠦᠨ ᠴᠢᠯᠥᠭᠡ ᠭᠤᠶᠤᠵᠤ᠂ 163 ᠬᠥᠮᠦᠨ ᠲᠣᠰ ᠤᠳᠠᠭᠠᠨ ᠤ ᠪᠥᠬᠦᠳᠡ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃    ᠲᠤᠰ ᠤᠳᠠᠭ᠎ᠠ ᠶᠢᠨ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠪᠣᠯ ᠵᠧᠦ ᠯᠢᠶᠠᠩ ᠶᠤᠸᠠᠨ᠂ ᠸᠠᠩ ᠸᠧᠢ᠂ ᠸᠠᠩ ᠬᠦᠢ ᠯᠠᠨ᠂ ᠪᠠᠢ ᠴᠢᠩ ᠱᠠᠨ᠂ ᠵᠠᠩ ᠬᠠᠨ ᠰᠦᠩ᠂ ᠪᠦᠦ ᠰᠢ᠂ ᠪᠦᠦ ᠱᠠᠭᠠᠷᠠᠢ᠂ ᠹᠠᠨ ᠭᠤᠸᠠᠩ ᠴᠤᠤ᠂ ᠵᠠᠩ ᠱᠦ ᠯᠢ᠂ ᠶᠠᠩ ᠵᠠᠨ ᠬᠠᠢ᠂ ᠮᠠ ᠵᠢᠶᠦ᠋ᠨ ᠬᠤᠸᠠ᠂ ᠭᠤᠤ ᠰᠢᠶᠤᠤ ᠹᠸᠢ᠂ ᠬᠤᠤ ᠵᠣᠸᠠᠨ ᠶᠦᠩ ᠪᠣᠯᠤᠨ᠎ᠠ᠃ ᠬᠤᠷᠠᠯ ᠢ ᠵᠧᠦ ᠯᠢᠶᠠᠩ ᠶᠤᠸᠠᠨ ᠡᠷᠬᠢᠯᠡᠪᠡ᠃ ᠯᠢ ᠢᠦᠢ ᠹᠦ᠋᠂ ᠯᠢ ᠶᠦᠨ ᠫᠧᠩ᠂ ᠵᠤᠤ ᠭᠠᠩ᠂ ᠯᠢᠦ ᠲᠢᠶᠠᠨ ᠢ᠂ ᠵᠠᠩ ᠹᠧᠩ ᠵᠦᠩ᠂ ᠳ᠋ᠦ᠋ ᠭᠤᠸᠠᠩ ᠱᠧᠩ᠂ ᠪᠢ ᠶᠦᠩ ᠳ᠋ᠦᠩ᠂ ᠱᠤᠩᠬᠤᠷ᠂ ᠸᠠᠩ ᠴᠢᠩ ᠰᠦᠩ᠂ ᠰᠠᠷᠠᠨᠮᠠᠨᠳᠤᠯ᠎ᠠ᠂ ᠴᠢᠶᠣᠤ ᠰᠢᠶᠠᠨ ᠺᠦᠨ᠂ ᠯᠢᠦ ᠭᠦᠸᠧ ᠬᠤᠢ᠂ ᠡᠷᠳᠡᠮᠲᠦ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃    ᠶᠡᠭᠡ ᠬᠤᠷᠠᠯ ᠠᠴᠠ ᠶᠡᠭᠡ ᠬᠤᠷᠠᠯ ᠤᠨ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ︔ ᠰᠣᠩᠭᠤᠭᠤᠯᠢ ᠶᠠᠪᠤᠭᠤᠯᠪᠠ︔ ᠬᠦᠷᠢᠶ᠎ᠡ ᠬᠤᠰᠢᠭᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠬᠠᠨᠤᠮᠵᠢ ᠶᠢᠨ ᠬᠡᠮᠵᠢᠶᠡᠨ ᠤ ᠦᠨᠡᠯᠡᠯᠲᠡ ᠬᠢᠪᠡ︔ ᠬᠦᠷᠢᠶ᠎ᠡ ᠬᠤᠰᠢᠭᠤᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠢᠯᠧᠲ ᠥᠭᠴᠦ ᠲᠣᠭᠲᠠᠭᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号