1 ᠰᠠᠷ᠎ᠠ ᠶᠢᠨ 12 ᠤᠨ ᠦᠳᠡ ᠶᠢᠨ ᠡᠮᠦᠨ᠎ᠡ᠂ ᠬᠦᠷᠢᠶ᠎ᠡ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠶᠡᠭᠡ | ᠬᠤᠷᠠᠯ ᠤᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠰᠢᠭᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠰᠠᠭᠤᠷᠢᠨ ᠭᠠᠵᠠᠷ ᠲᠤ | ᠠᠮᠵᠢᠯᠲᠠ ᠲᠠᠢ ᠲᠡᠭᠦᠰᠪᠡ᠃ ᠬᠦᠷᠢᠶ᠎ᠡ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠤᠳᠤ ᠪᠠᠶᠢᠭ᠎ᠠ ᠲᠥᠯᠥᠭᠡᠯᠡᠭᠴᠢ 177 | ᠬᠥᠮᠦᠨ᠂ ᠤᠴᠢᠷ ᠶᠠᠪᠤᠳᠠᠯ ᠡᠪᠡᠳᠴᠢᠨ ᠠᠴᠠ ᠪᠤᠯᠵᠤ 14 ᠬᠥᠮᠦᠨ ᠴᠢᠯᠥᠭᠡ ᠭᠤᠶᠤᠵᠤ᠂ 163 ᠬᠥᠮᠦᠨ ᠲᠣᠰ | ᠤᠳᠠᠭᠠᠨ ᠤ ᠪᠥᠬᠦᠳᠡ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | | | | | | ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠪᠣᠯ ᠵᠧᠦ ᠯᠢᠶᠠᠩ ᠶᠤᠸᠠᠨ᠂ ᠸᠠᠩ ᠸᠧᠢ᠂ ᠸᠠᠩ ᠬᠦᠢ ᠯᠠᠨ᠂ | ᠪᠠᠢ ᠴᠢᠩ ᠱᠠᠨ᠂ ᠵᠠᠩ ᠬᠠᠨ ᠰᠦᠩ᠂ ᠪᠦᠦ ᠰᠢ᠂ ᠪᠦᠦ ᠱᠠᠭᠠᠷᠠᠢ᠂ ᠹᠠᠨ ᠭᠤᠸᠠᠩ ᠴᠤᠤ᠂ ᠵᠠᠩ ᠱᠦ ᠯᠢ᠂ ᠶᠠᠩ | ᠵᠠᠨ ᠬᠠᠢ᠂ ᠮᠠ ᠵᠢᠶᠦ᠋ᠨ ᠬᠤᠸᠠ᠂ ᠭᠤᠤ ᠰᠢᠶᠤᠤ ᠹᠸᠢ᠂ ᠬᠤᠤ ᠵᠣᠸᠠᠨ ᠶᠦᠩ ᠪᠣᠯᠤᠨ᠎ᠠ᠃ ᠯᠢ ᠢᠦᠢ ᠹᠦ᠋᠂ ᠯᠢ | ᠶᠦᠨ ᠫᠧᠩ᠂ ᠵᠤᠤ ᠭᠠᠩ᠂ ᠯᠢᠦ ᠲᠢᠶᠠᠨ ᠢ᠂ ᠵᠠᠩ ᠹᠧᠩ ᠵᠦᠩ᠂ ᠳ᠋ᠦ᠋ ᠭᠤᠸᠠᠩ ᠱᠧᠩ᠂ ᠪᠢ ᠶᠦᠩ ᠳ᠋ᠦᠩ᠂ | ᠱᠤᠩᠬᠤᠷ᠂ ᠸᠠᠩ ᠴᠢᠩ ᠰᠦᠩ᠂ ᠰᠠᠷᠠᠨᠮᠠᠨᠳᠤᠯ᠎ᠠ᠂ ᠴᠢᠶᠣᠤ ᠰᠢᠶᠠᠨ ᠺᠦᠨ᠂ ᠯᠢᠦ ᠭᠦᠸᠧ ᠬᠤᠢ᠂ ᠡᠷᠳᠡᠮᠲᠦ ᠨᠠᠷ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠶᠡᠭᠡ ᠬᠤᠷᠠᠯ ᠢ ᠵᠧᠦ ᠯᠢᠶᠠᠩ ᠶᠤᠸᠠᠨ ᠡᠷᠬᠢᠯᠡᠪᠡ᠃ | ᠶᠡᠭᠡ ᠬᠤᠷᠠᠯ ᠠᠴᠠ ᠰᠣᠩᠭᠤᠭᠤᠯᠢ ᠶᠢᠨ ᠪᠢᠯᠧᠲ ᠪᠦᠷᠢᠳᠬᠡᠭᠰᠡᠨ ᠦᠷ᠎ᠡ ᠳ᠋ᠦᠩ᠂ ᠬᠦᠷᠢᠶ᠎ᠡ ᠬᠤᠰᠢᠭᠤᠨ ᠤ | 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ | ᠪᠠᠶᠢᠳᠠᠯ ᠤᠨ ᠬᠠᠨᠤᠮᠵᠢ ᠶᠢᠨ ᠬᠡᠮᠵᠢᠶ᠎ᠡ ᠶᠢ ᠬᠡᠮᠵᠢᠨ ᠦᠨᠡᠯᠡᠭᠰᠡᠨ ᠪᠢᠯᠧᠲ ᠤᠨ ᠦᠷ᠎ᠡ ᠳ᠋ᠦᠩ᠂ ᠬᠦᠷᠢᠶ᠎ᠡ | ᠬᠤᠰᠢᠭᠤᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠢᠯᠧᠲ | ᠦᠭᠬᠦᠭᠰᠡᠨ ᠦᠷ᠎ᠡ ᠳ᠋ᠦᠩ ᠢ ᠨᠡᠶᠢᠲᠡᠯᠡᠪᠡ᠃ ᠶᠡᠭᠡ ᠬᠤᠷᠠᠯ ᠠᠴᠠ ᠸᠠᠩ ᠲᠢᠶᠠᠨ ᠵᠢᠶᠦ᠋ᠨ᠂ ᠪᠤᠶᠠᠨᠳᠡᠯᠭᠡᠷ᠂ | ᠰᠡᠴᠡᠨᠪᠢᠯᠢᠭ ᠢ ᠬᠦᠷᠢᠶ᠎ᠡ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠨᠥᠬᠦᠨ ᠰᠣᠩᠭᠤᠪᠠ᠃ ᠯᠢᠦ ᠲᠢᠶᠠᠨ ᠢ ᠶᠢ | ᠬᠦᠷᠢᠶ᠎ᠡ ᠬᠤᠰᠢᠭᠤᠨ ᠤ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠪᠠᠷ ᠨᠥᠬᠦᠨ ᠰᠣᠩᠭᠤᠪᠠ᠃ ᠰᠢᠨ᠎ᠡ ᠪᠠᠷ | ᠰᠣᠩᠭᠤᠭᠳᠠᠭᠰᠠᠨ ᠬᠥᠮᠦᠰ ᠲᠥᠯᠥᠭᠡᠯᠡᠭᠴᠢᠳ ᠲᠠᠢ ᠠᠭᠤᠯᠵᠠᠪᠠ᠃ ᠯᠢᠦ ᠲᠢᠶᠠᠨ ᠢ ᠰᠢᠨ᠎ᠡ ᠪᠠᠷ ᠰᠣᠩᠭᠤᠭᠳᠠᠭᠰᠠᠨ | ᠬᠥᠮᠦᠰ ᠢ ᠳᠠᠭᠠᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠳᠤ | ᠲᠥᠪ ᠴᠢᠩᠭ᠎ᠠ ᠪᠠᠷ ᠲᠠᠩᠭᠠᠷᠢᠭᠯᠠᠪᠠ᠃ ᠬᠤᠷᠠᠯ ᠠᠴᠠ ︽ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ︾᠂ ︽ᠬᠦᠷᠢᠶ᠎ᠡ ᠬᠤᠰᠢᠭᠤᠨ ᠤ 2024 ᠣᠨ ᠤ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ | ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ | ᠲᠤᠬᠠᠶ ᠰᠢᠢᠳᠪᠦᠷᠢ︾᠂ ︽ᠬᠦᠷᠢᠶ᠎ᠡ ᠬᠤᠰᠢᠭᠤᠨ ᠤ 2024 ᠣᠨ ᠤ ᠲᠥᠰᠦᠪ ᠢ ᠭᠦᠢᠴᠡᠳᠭᠡᠭᠰᠡᠨ ᠪᠠᠶᠢᠳᠠᠯ ᠪᠠ | 2025 ᠣᠨ ᠤ ᠲᠥᠰᠦᠪ ᠤᠨ ᠲᠤᠬᠠᠶ ᠰᠢᠢᠳᠪᠦᠷᠢ︾᠂ ︽ᠬᠦᠷᠢᠶ᠎ᠡ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ | ᠰᠢᠢᠳᠪᠦᠷᠢ︾᠂ ︽ᠬᠦᠷᠢᠶ᠎ᠡ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ | ᠰᠢᠢᠳᠪᠦᠷᠢ︾᠂ ︽ᠬᠦᠷᠢᠶ᠎ᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ | ᠲᠤᠬᠠᠶ ᠰᠢᠢᠳᠪᠦᠷᠢ︾ ᠶᠢ ᠪᠠᠲᠤᠯᠠᠪᠠ᠃ | ᠡᠯ᠎ᠡ ᠲᠦᠷᠦᠯ ᠤᠨ ᠰᠢᠢᠳᠪᠦᠷᠢ ᠶᠢ ᠪᠠᠳᠤᠯᠠᠭᠰᠠᠨ ᠤ ᠲᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ | ᠵᠧᠦ ᠯᠢᠶᠠᠩ ᠶᠤᠸᠠᠨ ᠶᠠᠷᠢᠶ᠎ᠠ ᠲᠠᠯᠪᠢᠪᠠ᠃ ᠲᠡᠷᠡ ᠵᠢᠭᠠᠵᠤ ᠭᠠᠷᠭᠠᠭᠰᠠᠨ ᠨᠢ᠂ ᠬᠤᠷᠠᠯ ᠠᠴᠠ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ︽ᠨᠢᠭᠡ ᠵᠠᠰᠠᠭ ᠤᠨ ᠣᠷᠳᠣᠨ | ᠬᠤᠶᠠᠷ ᠬᠤᠷᠢᠶ᠎ᠠ︾ ᠵᠡᠷᠭᠡ ᠶᠢᠨ ᠠᠵᠢᠯ ᠤᠨ ᠢᠯᠡᠳᠭᠡᠯ ᠢ ᠬᠢᠨᠠᠨ ᠵᠥᠪᠯᠡᠵᠦ ᠪᠠᠲᠤᠯᠠᠨ᠂ ᠬᠤᠰᠢᠭᠤᠨ ᠤ ᠨᠠᠮ ᠤᠨ | ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠵᠤ᠂ ᠶᠡᠭᠡ ᠬᠤᠷᠠᠯ ᠠᠴᠠ ᠰᠣᠩᠭᠤᠭᠤᠯᠢ ᠶᠢᠨ | ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠤᠩᠭᠤᠭᠳᠠᠭᠰᠠᠨ ᠬᠥᠮᠦᠨ ᠪᠦᠬᠦᠨ ᠪᠦᠷᠢᠨ ᠪᠢᠯᠧᠲ ᠢᠶᠠᠷ | ᠰᠣᠩᠭᠤᠭᠳᠠᠬᠤ ᠶᠢ ᠪᠡᠶᠡᠯᠡᠭᠦᠯᠪᠡ᠃ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤᠨ ᠤ ᠳᠡᠭᠡᠳᠦ ᠳᠣᠤᠷᠠᠳᠤ | ᠱᠠᠲᠤᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠲᠡᠷᠢᠭᠦᠨ ᠤ ᠬᠢ ᠶᠢ ᠡᠭᠦᠳᠦᠨ ᠰᠢᠯᠢᠳᠡᠭ ᠪᠣᠯᠬᠤ ᠪᠠᠷ ᠴᠢᠷᠮᠠᠶᠢᠵᠤ᠂ | ᠠᠵᠤ ᠠᠬᠤᠶ ᠶᠢᠨ ᠬᠥᠭᠵᠢᠯᠲᠡ ᠲᠣᠭᠲᠠᠭᠤᠨ ᠤ ᠳᠤᠮᠳᠠ ᠤᠷᠤᠭᠰᠢᠯᠠᠨ᠂ ᠠᠵᠤ ᠦᠢᠯᠡᠰ ᠤᠨ ᠰᠠᠭᠤᠷᠢ ᠨᠠᠩ ᠪᠠᠲᠤ | ᠪᠠᠬᠢ ᠪᠣᠯᠵᠣ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠣᠭᠲᠠᠭᠤᠨ ᠢᠶᠠᠷ ᠤᠷᠤᠭᠰᠢᠯᠠᠵᠤ᠂ | ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠨᠡᠮᠡᠭᠳᠡᠪᠡ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠢᠮᠠᠭᠲᠠ ᠬᠤᠰᠢᠭᠤᠨ ᠤ ᠨᠠᠮ ᠤᠨ | ᠬᠤᠷᠢᠶ᠎ᠠ ᠲᠠᠢ ᠠᠳᠠᠯᠢ ᠴᠢᠭᠯᠡᠯ᠂ ᠥᠭᠡᠷᠡᠴᠢᠯᠡᠯᠲᠡ ᠲᠠᠢ ᠬᠠᠮᠲᠤ ᠤᠷᠤᠭᠰᠢᠯᠠᠵᠤ᠂ ᠠᠷᠠᠳ ᠲᠦᠮᠡᠨ ᠲᠠᠢ ᠰᠡᠳᠬᠢᠯ | ᠨᠢᠭᠡᠳᠴᠦ᠂ ᠪᠥᠬᠦ ᠬᠤᠰᠢᠭᠤᠨ ᠤ ᠭᠤᠤᠯ ᠠᠵᠢᠯ ᠤᠨ ᠲᠣᠭᠤᠷᠢᠨ ᠳᠤ ᠬᠠᠤᠯᠢ ᠶᠣᠰᠣᠭᠠᠷ ᠬᠢᠨᠠᠯᠲᠠ ᠲᠠᠯᠪᠢᠬᠤ | ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠤᠨ᠂ ᠵᠠᠩᠭᠢᠯᠠᠭ᠎ᠠ ᠶᠢ ᠠᠳᠬᠤᠵᠤ᠂ ᠶᠡᠭᠡ ᠶᠠᠪᠤᠳᠠᠯ ᠢ ᠵᠥᠪᠯᠡᠵᠦ᠂ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠠᠮᠲᠤᠷᠠᠯ ᠬᠦᠴᠦᠨ ᠢ ᠨᠢᠭᠲᠠᠷᠠᠭᠤᠯᠤᠨ᠂ ᠬᠤᠰᠢᠭᠤᠨ ᠤ ᠨᠠᠮ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠨᠠᠷᠢᠯᠢᠭ | ᠨᠠᠶᠢᠳᠠᠪᠤᠷᠢᠵᠢᠭᠤᠯᠬᠤ ᠶᠢ ᠡᠷᠡᠰ ᠬᠦᠴᠦᠲᠡᠶ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠴᠤᠭ ᠵᠢᠪᠬᠤᠭ᠎ᠠ ᠶᠢ ᠢᠯᠡᠷᠡᠭᠦᠯᠪᠡ ᠭᠡᠵᠡᠢ᠃ | ᠵᠧᠦ ᠯᠢᠶᠠᠩ ᠶᠤᠸᠠᠨ ᠵᠢᠭᠠᠵᠤ ᠭᠠᠷᠭᠠᠭᠰᠠᠨ ᠨᠢ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠲᠥᠯᠥᠪᠯᠡᠬᠦ ᠵᠢᠯ ᠮᠥᠨ᠃ ᠲᠡᠭᠦᠰᠬᠡᠯ ᠤᠨ ᠵᠢᠯ ᠳᠤ ᠰᠢᠢᠳᠪᠦᠷᠢᠲᠦ ᠢᠯᠠᠯᠲᠠ ᠶᠢ ᠤᠯᠬᠤ | ᠠᠷᠭ᠎ᠠ ᠬᠡᠮᠵᠢᠶ᠎ᠡ ᠪᠠᠶᠢᠵᠤ᠂ ᠲᠥᠯᠥᠪᠵᠢᠭᠦᠯᠭᠡ ᠶᠢᠨ ᠵᠢᠯ ᠤᠷᠤᠭᠰᠢᠯᠠᠨ ᠲᠠᠪᠰᠢᠬᠤ ᠬᠠᠨᠳᠤᠰᠢ ᠲᠠᠢ ᠪᠠᠶᠢᠬᠤ | ᠬᠡᠷᠡᠭᠲᠡᠢ᠃ ᠦᠨᠳᠦᠷᠴᠡ ᠲᠠᠢ ᠪᠠᠶᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠪᠣᠯ ᠤᠯᠤᠰ ᠲᠦᠷᠦ ᠶᠢᠨ ᠪᠡᠶ᠎ᠡ ᠭᠠᠷᠤᠯ ᠮᠥᠨ᠂ ᠡᠷᠬᠡᠪᠰᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ | ᠡᠷᠬᠢᠮᠯᠡᠬᠦ ᠬᠡᠷᠡᠭᠲᠡᠢ᠃ ᠡᠷᠴᠢᠮ ᠲᠠᠢ ᠪᠠᠶᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠣᠯ ᠡᠯ᠎ᠡ ᠹᠷᠣᠨᠲ᠂ ᠡᠯ᠎ᠡ ᠬᠦᠷᠢᠶᠡᠨ ᠤ ᠰᠢᠯᠢᠳᠡᠭ ᠬᠥᠮᠦᠰ ᠮᠥᠨ᠂ ᠪᠠᠰᠠ ᠴᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠯᠭᠠᠭᠤᠷᠢ ᠬᠦᠴᠦᠨ ᠮᠥᠨ᠃ ᠬᠠᠶᠢᠷ᠎ᠠ ᠰᠡᠳᠬᠢᠯᠭᠡ ᠲᠠᠢ ᠪᠠᠶᠢᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ | ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠳᠤ ᠬᠠᠷᠢᠭᠤᠴᠠᠬᠤ ᠬᠡᠷᠡᠭᠲᠡᠢ᠃ ᠪᠠᠷᠢᠮᠵᠢᠶ᠎ᠠ ᠲᠠᠢ ᠪᠠᠶᠢᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠲᠤᠭ ᠲᠡᠮᠳᠡᠭ ᠮᠥᠨ᠂ ᠡᠩ | ᠲᠡᠷᠢᠭᠦᠨ ᠳᠤ ᠳᠠᠮᠵᠢᠭᠤᠯᠬᠤ ᠨᠢ ᠳᠦᠭᠦᠷᠡᠩ ᠢᠳᠡᠪᠬᠢ ᠬᠦᠴᠦᠨ ᠮᠥᠨ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠤᠯ ᠪᠣᠯ ᠮᠠᠨ ᠤ ᠤᠯᠤᠰ ᠤᠨ ᠦᠨᠳᠦᠰᠦᠨ ᠤᠯᠤᠰ ᠲᠥᠷᠥ ᠶᠢᠨ ᠪᠠᠶᠢᠭᠤᠯᠤᠯ ᠮᠥᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠪᠣᠯ ᠨᠠᠮ ᠪᠠ ᠤᠯᠤᠰ ᠤᠨ ᠠᠵᠢᠯ ᠤᠨ ᠴᠢᠬᠤᠯᠠ | ᠪᠦᠷᠢᠯᠳᠦᠬᠦᠨ ᠬᠡᠰᠡᠭ ᠮᠥᠨ᠃ ᠬᠤᠰᠢᠭᠤᠨ ᠤ ᠨᠠᠮ ᠤᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠳᠠᠪᠠᠭᠤᠯᠢᠭ ᠢ ᠦᠨᠡᠨ ᠬᠦ ᠬᠥᠭᠵᠢᠯᠲᠡ ᠶᠢᠨ | ᠳᠠᠪᠠᠭᠤᠯᠢᠭ᠂ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃ ︽ᠨᠢᠭᠡ ᠵᠠᠰᠠᠭ ᠤᠨ | ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠪᠣᠯᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠲᠣᠭᠲᠠᠭᠠᠯ ᠢ ᠬᠢᠨᠠᠮᠠᠭᠠᠶ ᠬᠡᠷᠡᠭᠵᠢᠭᠦᠯᠦᠨ᠂ ᠠᠷᠠᠳ ᠤᠨ | ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠶᠢ ᠭᠦᠢᠴᠡᠳᠭᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ | ᠬᠠᠤᠯᠢ ᠶᠣᠰᠣᠭᠠᠷ ᠬᠢᠨᠠᠨ ᠪᠠᠶᠢᠴᠠᠭᠠᠬᠤ ᠪᠠ ᠲᠥᠪ ᠭᠤᠣᠯᠴᠢ ᠪᠠᠷ ᠬᠠᠤᠯᠢ ᠪᠠᠷᠢᠬᠤ ᠬᠢᠷᠢ ᠬᠡᠮᠵᠢᠶ᠎ᠡ ᠪᠠᠨ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶ᠎ᠠ ᠬᠥᠭᠵᠢᠯᠲᠡ ᠶᠢᠨ ᠶᠡᠭᠡ ᠶᠠᠪᠤᠳᠠᠯ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ᠂ ᠵᠠᠰᠠᠯᠲᠠ ᠶᠢᠨ ᠬᠦᠴᠢᠷ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠵᠣᠭᠰᠣᠴᠠ ᠠᠴᠠ | ᠲᠣᠮᠢᠯᠠᠵᠤ ᠪᠠᠭᠤᠯᠭᠠᠬᠤ᠂ ᠥᠨᠳᠥᠷ ᠲᠦᠪᠰᠢᠨ ᠢᠶᠠᠷ ᠲᠣᠭᠲᠠᠭᠠᠬᠤ᠂ ᠥᠨᠳᠥᠷ ᠪᠦᠲᠦᠮᠵᠢᠲᠡᠢ ᠪᠠᠷ ᠬᠢᠨᠠᠯᠲᠠ | ᠲᠠᠯᠪᠢᠬᠤ ᠪᠠᠷ ᠬᠦᠷᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠲᠥᠯᠥᠭᠡᠯᠡᠭᠴᠢᠳ | ᠲᠥᠯᠦᠭᠡᠯᠡᠭᠴᠢ ᠶᠢᠨ ᠪᠡᠶ᠎ᠡ ᠶᠢᠨ ᠭᠠᠷᠤᠯ ᠢᠶᠠᠨ ᠬᠤᠪᠢ ᠲᠠᠬᠢᠨ ᠨᠠᠨᠳᠢᠩᠨᠠᠵᠤ᠂ ᠭᠠᠷ ᠲᠠᠬᠢ ᠡᠷᠬᠡ ᠶᠢ ᠪᠢᠰᠢᠷᠡᠨ | ᠬᠦᠨᠳᠦᠳᠬᠡᠵᠦ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠪᠢᠰᠢᠷᠡᠨ ᠵᠢᠷᠦᠬᠡᠰᠢᠶᠡᠵᠦ᠂ ᠠᠷᠠᠳ ᠤᠯᠠᠨ ᠢ | ᠪᠢᠰᠢᠷᠡᠨ ᠵᠢᠷᠦᠬᠡᠰᠢᠶᠡᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠰᠢᠨ᠎ᠡ ᠪᠠᠶᠢᠳᠠᠯ ᠢ | ᠡᠭᠦᠳᠴᠦ᠂ ᠰᠢᠨ᠎ᠡ ᠵᠠᠮ ᠢ ᠨᠡᠭᠡᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠦᠷᠢᠶ᠎ᠡ ᠶᠢᠨ | ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠪᠡ︕ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃ |