ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ 125 ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/13
    1 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ 125 ᠤᠳᠠᠭ᠎ᠠ ᠶᠢᠨ ᠬᠤᠷᠠᠯ ᠬᠤᠷᠠᠯᠳᠤᠭᠤᠯᠵᠤ᠂ 1 ᠰᠠᠷ᠎ᠠ ᠶᠢᠨ 9 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ︔ ᠶᠡᠷᠦᠩᠬᠡᠢ ᠱᠦᠵᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠰᠢᠭᠤᠨ ᠤ ᠨᠠᠮ ᠤᠨ ᠬᠤᠷᠢᠶᠠᠨ ᠤ ᠱᠦᠵᠢ ᠵᠧᠦ ᠯᠢᠶᠠᠩ ᠶᠤᠸᠠᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ 1 ᠰᠠᠷ᠎ᠠ ᠶᠢᠨ 9 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠰᠦᠷᠦᠨ ᠤᠷᠤᠭᠰᠢᠯᠠᠵᠤ᠂ ᠬᠦᠴᠦᠯᠡᠨ ᠴᠢᠷᠮᠠᠶᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠦᠷᠢᠳᠡ ᠵᠤᠬᠰᠤᠰᠢ ᠦᠭᠡᠢ ᠪᠠᠶᠢᠬᠤ ᠬᠠᠳᠠᠨ ᠵᠣᠷᠢᠭ ᠢ ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠪᠡ᠃    ᠬᠤᠷᠠᠯ ᠠᠴᠠ ︽ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ ᠬᠤᠷᠢᠶ᠎ᠠ ᠶᠢᠨ ᠮᠡᠳᠡᠭᠳᠡᠯ︾ ᠢ ᠬᠢᠨᠠᠨ ᠵᠥᠪᠯᠡᠪᠡ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号