1 ᠰᠠᠷ᠎ᠠ ᠶᠢᠨ 13 ᠤ ᠡᠳᠦᠷ᠂ ᠪᠠᠶᠠᠨᠬᠤᠸᠠ ᠪᠠᠯᠭᠠᠰᠤ ᠬᠦᠷᠢᠶ᠎ᠡ ᠬᠤᠰᠢᠭᠤᠨ ᠤ ︽ᠬᠤᠶᠠᠷ ᠬᠤᠷᠠᠯ︾ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ | ᠨᠠᠮ ᠤᠨ ᠬᠤᠷᠢᠶᠠᠨ ᠤ ᠱᠦᠵᠢ ᠱᠤᠩᠬᠤᠷ ᠬᠤᠷᠠᠯ ᠡᠷᠭᠢᠯᠡᠵᠦ᠂ ᠤᠳᠤᠷᠢᠳᠬᠤ ᠪᠠᠭ ᠤᠨ ᠪᠥᠬᠦ ᠪᠦᠷᠢᠯᠳᠦᠬᠦᠨ | ᠬᠤᠷᠠᠯ ᠳᠤ ᠣᠷᠣᠯᠴᠠᠵᠠᠶ᠃ | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠪᠣᠯᠤᠨ | ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠦᠷᠢᠶ᠎ᠡ ᠬᠤᠰᠢᠭᠤᠨ ᠤ ᠠᠷᠪᠠᠨ | ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠭᠰᠠᠨ ᠪᠥᠭᠡᠳ ᠮᠠᠨ ᠤ ᠪᠠᠯᠭᠠᠰᠤᠨ ᠤ ᠣᠳᠣᠬᠠᠨ ᠤ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠳᠤᠷᠢᠳᠬᠤ ᠺᠠᠳ᠋ᠷ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠲᠠᠢ | ᠦᠨᠡᠨ ᠬᠦ ᠨᠢᠭᠡᠳᠬᠡᠵᠦ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ 2025 ᠣᠨ ᠤ ᠠᠵᠢᠯ ᠤᠨ | ᠡᠭᠦᠷᠭᠡ ᠶᠢᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠶ ᠣᠶᠢᠯᠠᠭᠠᠵᠤ᠂ ᠬᠤᠷᠠᠯ ᠤᠨ ᠵᠣᠷᠢᠭ | ᠰᠠᠨᠠᠭ᠎ᠠ ᠶᠢ ᠦᠨᠡᠨ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠮᠠᠨ ᠤ ᠪᠠᠯᠭᠠᠰᠤᠨ ᠤ ᠡᠯ᠎ᠡ ᠵᠦᠢᠯ ᠤᠨ | ᠠᠵᠢᠯ ᠤᠨ ᠰᠢᠨ᠎ᠡ ᠠᠬᠢᠴᠠ᠂ ᠰᠢᠨ᠎ᠡ ᠳᠠᠪᠰᠢᠯᠲᠠ ᠲᠠᠢ ᠪᠣᠯᠬᠤ ᠶᠢ ᠠᠬᠢᠭᠤᠯᠬᠤ ᠶᠢᠨ ᠲᠥᠯᠥᠭᠡ ᠴᠢᠷᠮᠠᠶᠢᠬᠤ ᠬᠡᠷᠡᠭᠲᠡᠶ | ᠭᠡᠪᠡ᠃ |