ᠰᠤᠷᠪᠤᠯᠵᠢᠯᠠᠬᠴᠢ ᠨᠠᠷᠠᠨᠲᠤᠶᠠᠭ᠎ᠠ ᠴᠢᠮᠡᠭᠡᠯᠡᠭᠴᠢ ᠵᠢᠶᠠᠩ ᠶᠠᠨ ᠽᠧ | | | | ᠰᠡᠴᠡᠨᠲᠤᠶᠠᠭ᠎ᠠ ᠪᠣᠯ ᠬᠦᠷᠢᠶ᠎ᠡ ᠬᠤᠰᠢᠭᠤᠨ ᠤ ᠮᠠᠩᠬᠠᠨ ᠰᠤᠮᠤ ᠶᠢᠨ ᠠᠯᠢᠶ᠎ᠠ ᠮᠠᠯ ᠤᠨ ᠡᠮ ᠤᠨ ᠳᠡᠯᠭᠡᠭᠦᠷ ᠤᠨ | ᠡᠵᠡᠩᠨᠡᠭᠴᠢ ᠪᠣᠯᠣᠨ᠎ᠠ᠃ ᠠᠷᠪᠠᠭᠠᠳ ᠵᠢᠯ ᠤᠨ ᠲᠤᠷᠰᠢ᠂ ᠲᠡᠷᠡ ᠢᠮᠠᠭᠲᠠ ᠬᠠᠤᠯᠢ ᠶᠣᠰᠣᠭᠠᠷ ᠡᠵᠡᠩᠨᠡᠬᠦ᠂ ᠦᠨᠡᠨᠴᠢ | ᠢᠲᠡᠭᠡᠮᠵᠢᠲᠡᠢ ᠪᠠᠷ ᠦᠢᠯᠡᠴᠢᠯᠡᠬᠦ᠂ ᠪᠣᠯᠪᠠᠰᠤᠨ ᠢᠶᠠᠷ ᠬᠤᠳᠠᠯᠳᠤᠭ᠎ᠠ ᠡᠷᠭᠢᠯᠡᠭᠦ ᠶᠢ ᠪᠠᠷᠢᠮᠲᠠᠯᠠᠵᠤ᠂ ᠦᠨᠡᠨᠴᠢ | ᠢᠲᠡᠭᠡᠮᠵᠢ ᠪᠠᠨ ᠳᠡᠭᠡᠳᠦᠯᠡᠨ ᠦᠢᠯᠡᠰ ᠠᠮᠢᠳᠤᠷᠠᠯ ᠢᠶᠠᠨ ᠥᠭᠡᠳᠡ ᠲᠠᠲᠠᠭᠰᠠᠭᠠᠷ ᠢᠷᠡᠵᠡᠢ᠃ 2010 ᠣᠨ ᠠᠴᠠ | ᠡᠬᠢᠯᠡᠨ ᠮᠠᠯ ᠤᠨ ᠡᠮ ᠤᠨ ᠳᠡᠯᠭᠡᠭᠦᠷ ᠢ ᠡᠵᠡᠩᠨᠡᠭᠰᠡᠨ ᠠᠴᠠ ᠨᠠᠭᠠᠰᠢ᠂ ᠰᠡᠴᠡᠨᠲᠤᠶᠠᠭ᠎ᠠ ᠦᠨᠡᠨᠴᠢ ᠢᠲᠡᠭᠡᠮᠵᠢᠲᠡᠢ ᠪᠠᠷ | ᠦᠢᠯᠡᠰ ᠢᠶᠠᠨ ᠡᠷᠭᠢᠯᠡᠨ᠂ ᠴᠢᠨᠠᠷ ᠰᠠᠶᠢᠲᠠᠢ ᠰᠠᠶᠢᠨ ᠡᠮ ᠬᠤᠳᠠᠯᠳᠤᠨ᠂ ᠦᠨᠡᠨᠴᠢ ᠢᠲᠡᠭᠡᠮᠵᠢᠲᠡᠢ ᠪᠠᠷ ᠢᠶᠠᠨ | ᠨᠤᠲᠤᠭ ᠤᠨ ᠤᠯᠠᠨ ᠲᠦᠮᠡᠨ ᠤ ᠬᠦᠷᠢᠶᠡᠯᠡᠯ ᠢ ᠣᠯᠪᠠ᠃ | ᠰᠡᠴᠡᠨᠲᠤᠶᠠᠭ᠎ᠠ ᠮᠠᠯ ᠤᠨ ᠡᠮ ᠤᠨ ᠮᠠᠯ ᠲᠡᠵᠢᠭᠡᠪᠦᠷᠢ ᠶᠢᠨ ᠡᠷᠦᠭᠡ ᠳᠤ ᠦᠵᠡᠭᠦᠯᠭᠦ ᠴᠢᠬᠤᠯᠠ ᠴᠢᠨᠠᠷ ᠢ ᠬᠡᠨ | ᠠᠴᠠ ᠴᠤ ᠰᠠᠶᠢᠨ ᠮᠡᠳᠡᠵᠦ᠂ ᠲᠡᠷᠡ ᠡᠮ ᠬᠡᠷᠡᠭᠯᠡᠬᠦ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠰᠠᠬᠢᠯᠭ᠎ᠠ | ᠳᠦᠷᠢᠮ ᠢ ᠦᠨᠳᠦᠰᠦᠯᠡᠨ᠂ ᠮᠡᠳᠡᠯᠭᠡ ᠮᠡᠳᠡᠴᠡ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠤ ᠬᠢᠷᠢ ᠲᠡᠩᠴᠡᠬᠦ ᠦᠭᠡᠢ | ᠡᠮ ᠤᠨ ᠵᠦᠢᠯ ᠳᠡᠯᠭᠡᠭᠦᠷ ᠲᠤᠨᠢ ᠣᠷᠣᠬᠤ ᠶᠢ ᠡᠬᠢ ᠡᠭᠦᠰᠦᠯ ᠠᠴᠠ ᠨᠢ ᠬᠤᠷᠢᠭᠯᠠᠵᠤ ᠦᠨᠡᠨᠴᠢ ᠪᠠᠷ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠭᠰᠡᠭᠡᠷ | ᠢᠷᠡᠭᠰᠡᠨ ᠪᠠᠶᠢᠨ᠎ᠠ᠃ | 2015 ᠣᠨ ᠠᠴᠠ 2017 ᠣᠨ ᠤ ᠦᠶᠡᠰ᠂ ᠣᠯᠠᠨ ᠲᠦᠮᠡᠨ ᠤ ᠡᠮ ᠬᠤᠳᠠᠯᠳᠤᠨ ᠠᠪᠬᠤ ᠳᠤ ᠬᠦᠴᠢᠷᠲᠡᠢ | ᠪᠠᠶᠢᠬᠤ ᠠᠰᠠᠭᠤᠳᠠᠯ ᠢ ᠣᠶᠢᠯᠠᠭᠠᠭᠰᠠᠨ ᠬᠤᠶᠢᠨ᠎ᠠ᠂ ᠰᠡᠴᠡᠨᠲᠤᠶᠠᠭ᠎ᠠ ᠠᠷᠭ᠎ᠠ ᠪᠦᠭᠦᠨ ᠢ ᠰᠦᠪᠡᠭᠴᠢᠯᠡᠨ | ᠬᠦᠷᠦᠯᠴᠡᠬᠦᠶᠢᠴᠡ ᠡᠮ ᠤᠨ ᠵᠦᠢᠯ ᠢ ᠬᠤᠳᠠᠯᠳᠤᠨ ᠠᠪᠴᠤ᠂ ᠬᠡᠷᠡᠭᠯᠡᠭᠴᠢᠳ ᠤᠨ ᠪᠠᠴᠢᠮ ᠪᠠᠶᠢᠳᠠᠯ ᠢ ᠠᠷᠭᠠᠴᠠᠭᠠᠬᠤ | ᠡᠮ ᠬᠤᠳᠠᠯᠳᠤᠨ ᠠᠪᠬᠤ ᠶᠢ ᠦᠨᠡᠨ ᠬᠦ ᠪᠠᠲᠤᠯᠠᠪᠠ᠃ ᠡᠮ ᠤᠨ ᠵᠦᠢᠯ ᠲᠤᠲᠠᠭᠳᠠᠵᠤ ᠪᠠᠶᠢᠬᠤ ᠬᠤᠭᠤᠴᠠᠭᠠᠨ ᠳᠤ᠂ | ᠬᠡᠰᠡᠭ ᠡᠵᠡᠩᠨᠡᠯᠲᠡ ᠶᠢᠨ ᠡᠷᠦᠭᠡ ᠡᠮ ᠤᠨ ᠦᠨ᠎ᠡ ᠪᠠᠨ ᠥᠰᠬᠡᠭᠰᠡᠨ ᠶᠠᠪᠤᠳᠠᠯ ᠭᠠᠷᠴᠠᠢ᠃ ᠲᠡᠷᠡ ᠬᠠᠷᠢᠨ᠄ ︽ | ᠶᠠᠭᠠᠬᠢᠭᠰᠠᠨ ᠴᠤ ᠵᠠᠪᠰᠢᠶᠠᠨ ᠢ ᠳᠠᠯᠢᠮᠳᠠᠭᠤᠯᠤᠨ ᠨᠤᠲᠤᠭ ᠤᠨ ᠤᠯᠠᠨ ᠢᠶᠠᠨ ᠬᠢᠬᠠᠵᠤ ᠪᠤᠯᠬᠤ ᠦᠭᠡᠢ᠂ ᠮᠢᠨᠤ ᠡ᠊ᠨᠳᠡ | ᠡᠮ ᠬᠤᠳᠠᠯᠳᠤᠨ ᠠᠪᠬᠤ ᠪᠠᠷ ᠢᠷᠡᠭᠰᠡᠨ ᠬᠡᠷᠡᠭᠯᠡᠭᠴᠢᠳ ᠪᠣᠯ ᠴᠥᠮ ᠨᠠᠮ᠎ᠠ ᠶᠢ ᠢᠲᠡᠭᠡᠳᠡᠭ ᠬᠥᠮᠥᠨ ᠶᠤᠮ᠂ | ᠬᠥᠮᠥᠨ ᠤ ᠰᠡᠳᠬᠢᠯ ᠢ ᠭᠠᠵᠠᠷᠳᠠᠭᠤᠯᠵᠤ ᠪᠤᠯᠬᠤ ᠦᠭᠡᠢ᠂ ᠪᠢ ᠥᠪᠡᠷ ᠢᠶᠠᠨ ᠪᠠᠭ᠎ᠠ ᠰᠢᠭ᠋ ᠵᠣᠭᠤᠰ ᠣᠯᠣᠭᠰᠠᠨ ᠴᠤ | ᠬᠠᠮᠢᠶ᠎ᠠ ᠦᠭᠡᠢ︾ ᠭᠡᠨ᠎ᠡ᠃ ᠪᠣᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡᠨ ᠤ ᠲᠠᠯ᠎ᠠ ᠪᠠᠷ ᠴᠤ᠂ ᠰᠡᠴᠡᠨᠲᠤᠶᠠᠭ᠎ᠠ | ᠬᠡᠷᠡᠭᠯᠡᠭᠴᠢᠳ ᠤᠨ ᠬᠠᠷᠢᠭᠤ ᠲᠤᠰᠬᠠᠯ ᠢ ᠮᠠᠰᠢ ᠬᠦᠨᠳᠦᠳᠬᠡᠨ ᠦᠵᠡᠳᠡᠭ᠂ ᠪᠦᠲᠦᠭᠡᠭᠳᠡᠬᠦᠨ ᠤ ᠶᠠᠰᠤ ᠴᠢᠨᠠᠷ ᠪᠠ | ᠵᠠᠭᠠᠯᠳᠤᠯᠭ᠎ᠠ ᠶᠢᠨ ᠠᠯᠢ ᠨᠢ ᠴᠦ ᠭᠡᠰᠡᠨ ᠲᠡᠷᠡ ᠶᠡᠷᠦ ᠨᠢ ᠬᠡᠷᠡᠭᠯᠡᠭᠴᠢᠳ ᠲᠠᠢ ᠰᠠᠨᠠᠭᠠᠴᠢᠯᠠᠭ᠎ᠠ ᠲᠠᠢ ᠪᠠᠷ | ᠬᠠᠷᠢᠯᠴᠠᠵᠤ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠬᠡᠷᠡᠭᠯᠡᠭᠴᠢᠳ ᠲᠤ ᠡᠮ ᠤᠨ ᠳᠡᠯᠭᠡᠭᠦᠷ ᠤᠨ | ᠦᠨᠡᠨᠴᠢ ᠢᠲᠡᠭᠡᠮᠵᠢᠲᠡᠢ ᠡᠵᠡᠩᠨᠡᠯᠲᠡ ᠪᠠ ᠳᠣᠲᠣᠨᠣ ᠦᠢᠯᠡᠴᠢᠯᠡᠬᠦ ᠶᠢ ᠪᠠᠲᠤᠯᠠᠳᠠᠭ᠃ | ᠳᠡᠯᠭᠡᠭᠦᠷ ᠤᠨ ᠢᠶᠠᠨ ᠡᠵᠡᠩᠨᠡᠯᠲᠡ ᠶᠢ ᠰᠠᠶᠢᠲᠤᠷ ᠬᠢᠬᠦ ᠶᠢᠨ ᠬᠠᠮᠲᠤ᠂ ᠠᠮᠢᠳᠤᠷᠠᠯ ᠳᠤᠮᠳᠠ ᠰᠡᠴᠡᠨᠲᠤᠶᠠᠭ᠎ᠠ ᠴᠦ | ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠤᠯᠭᠠᠵᠤ᠂ ᠦᠨᠡᠨᠴᠢ ᠢᠲᠡᠭᠡᠮᠵᠢᠲᠡᠢ ᠲᠤᠰᠠᠷᠬᠠᠭ ᠰᠡᠳᠬᠢᠯ ᠲᠠᠢ ᠬᠥᠮᠥᠨ | ᠪᠣᠯᠣᠨ᠎ᠠ᠃ 2022 ᠣᠨ ᠤ ᠶᠡᠭᠡ ᠴᠠᠰᠤᠨ ᠭᠠᠮᠰᠢᠭ ᠤᠨ ᠬᠤᠭᠤᠴᠠᠭᠠᠨ ᠳᠤ᠂ ᠤᠯᠠᠨ ᠲᠦᠮᠡᠨ ᠡᠭᠦᠳᠡᠨ ᠠᠴᠠ | ᠪᠠᠨ ᠭᠠᠷᠬᠤ ᠶᠢᠨ ᠠᠷᠭ᠎ᠠ ᠦᠭᠡᠢ ᠪᠣᠯᠪᠠ᠃ ᠰᠡᠴᠡᠨᠲᠤᠶᠠᠭ᠎ᠠ ᠴᠠᠭ ᠲᠤᠬᠠᠢ ᠳᠤᠨᠢ ᠤᠳᠬᠤᠭᠤᠷ ᠲᠡᠷᠭᠡᠨ ᠤ | ᠵᠢᠯᠣᠭᠤᠴᠢ ᠲᠠᠢ ᠬᠠᠷᠢᠯᠴᠠᠵᠤ ᠴᠠᠰᠤ ᠶᠢ ᠠᠷᠢᠯᠭᠠᠵᠤ᠂ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ | ᠪᠠᠲᠤᠯᠠᠵᠤ᠂ ᠤᠯᠠᠨ ᠲᠦᠮᠡᠨ ᠳᠤ ᠲᠦᠭᠦᠮ ᠦᠵᠡᠭᠦᠯᠵᠡᠢ᠃ ᠨᠠᠰᠤ ᠠᠬᠠᠰᠢᠷᠠᠭᠰᠠᠨ ᠪᠡᠶ᠎ᠡ ᠮᠠᠭᠤᠲᠠᠢ ᠮᠠᠯ | ᠲᠡᠵᠢᠭᠡᠪᠦᠷᠢ ᠶᠢᠨ ᠡᠷᠦᠭᠡ ᠳᠤ ᠲᠡᠷᠡ ᠭᠡᠷ ᠲᠤᠨᠢ ᠬᠦᠷᠴᠦ ᠦᠢᠯᠡᠴᠢᠯᠡᠭᠡ ᠬᠠᠩᠭᠠᠵᠤ᠂ ᠭᠡᠷ ᠤᠨ ᠠᠮᠢᠳᠤᠷᠠᠯ ᠨᠢ | ᠬᠦᠴᠢᠷᠳᠡᠯᠲᠡᠢ ᠤᠯᠠᠨ ᠲᠦᠮᠡᠨ ᠳᠤ ᠬᠡᠷᠡᠭᠰᠡᠬᠦ ᠮᠠᠯ ᠤᠨ ᠡᠮ ᠢ ᠦᠨ᠎ᠡ ᠲᠥᠯᠥᠪᠦᠷᠢ ᠦᠭᠡᠢ ᠪᠠᠷ ᠬᠦᠷᠭᠡᠬᠦ ᠶᠢᠨ | ᠬᠠᠮᠲᠤ ᠮᠠᠯ ᠤᠨ ᠡᠮ ᠬᠡᠷᠡᠭᠯᠡᠬᠦ ᠠᠷᠭ᠎ᠠ ᠵᠡᠷᠭᠡ ᠶᠢ ᠨᠠᠷᠢᠨ ᠨᠢᠮᠪᠠᠢ ᠲᠠᠶᠢᠯᠪᠤᠷᠢᠯᠠᠨ ᠥᠭᠭᠦᠨ᠎ᠠ᠃ ᠰᠡᠴᠡᠨᠲᠤᠶᠠᠭ᠎ᠠ | ᠪᠠᠰᠠ ᠦᠷᠭᠦᠯᠵᠢ ᠭᠠᠴᠠᠭ᠎ᠠ ᠶᠢᠨ ᠢᠶᠠᠨ ᠠᠷᠤ ᠭᠡᠷ ᠲᠡᠭᠡᠨ ᠦᠯᠡᠳᠡᠨ ᠬᠤᠴᠣᠷᠤᠭᠰᠠᠨ ᠬᠡᠦᠬᠡᠳ ᠤᠨ ᠭᠡᠷ ᠢᠶᠠᠷ | ᠭᠦᠨᠵᠡᠭᠡᠶᠢᠷᠡᠵᠦ᠂ ᠬᠡᠦᠬᠡᠳ ᠤᠨ ᠠᠮᠢᠳᠤᠷᠠᠯ ᠪᠠ ᠰᠤᠷᠤᠯᠴᠠᠯᠭ᠎ᠠ ᠳᠤᠮᠳᠠ ᠲᠤᠯᠭᠠᠷᠠᠭᠰᠠᠨ ᠠᠰᠠᠭᠤᠳᠠᠯ ᠢ ᠨᠢ | ᠣᠶᠢᠯᠠᠭᠠᠨ᠂ ᠠᠮᠢᠳᠤᠷᠠᠯ ᠤᠨ ᠬᠡᠷᠡᠭᠰᠡᠯ ᠬᠦᠷᠭᠡᠵᠦ᠂ ᠭᠡᠷ ᠪᠠᠶᠢᠰᠢᠩ ᠢ ᠨᠢ ᠴᠡᠪᠡᠷᠯᠡᠵᠦ ᠥᠭᠭᠦᠨ᠂ ᠲᠡᠳᠡᠨ ᠳᠤ ᠬᠠᠨᠢ | ᠪᠤᠯᠳᠠᠭ᠃ ᠣᠯᠠᠨ ᠵᠢᠯ ᠤᠨ ᠲᠤᠷᠰᠢ᠂ ᠰᠡᠴᠡᠨᠲᠤᠶᠠᠭ᠎ᠠ ᠦᠨᠡᠨᠴᠢ ᠢᠲᠡᠭᠡᠮᠵᠢ ᠶᠢ ᠳᠡᠭᠡᠳᠦᠯᠡᠨ᠂ ᠨᠤᠲᠤᠭ ᠤᠨ | ᠲᠦᠮᠡᠨ ᠳᠡᠭᠡᠨ ᠰᠤᠷᠤᠯᠴᠠᠬᠤ ᠳᠠᠭᠤᠷᠢᠶᠠᠯ ᠪᠣᠯᠤᠭᠰᠠᠨ ᠪᠠᠶᠢᠨ᠎ᠠ᠃ | | | | |