ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ — ᠪᠥᠬᠦ ᠬᠤᠰᠢᠭᠤᠨ ᠤ ᠰᠣᠨᠢᠨ ᠮᠡᠳᠡᠭᠡᠨ ᠤ ᠰᠡᠳᠦᠪ ᠰᠣᠩᠭᠤᠬᠤ ᠪᠠ ᠭᠤᠤᠯᠳᠠᠯᠭ᠎ᠠ ᠲᠠᠢ ᠠᠵᠢᠯ ᠢ ᠵᠣᠯᠭᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/14
    1 ᠰᠠᠷ᠎ᠠ ᠶᠢᠨ 13 ᠤ ᠡᠳᠦᠷ᠂ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠬᠢᠭᠡᠳ ᠰᠣᠨᠢᠨ ᠮᠡᠳᠡᠭᠡᠨ ᠤ ᠰᠡᠳᠦᠪ ᠰᠣᠩᠭᠤᠬᠤ ᠶᠢ ᠵᠣᠯᠭᠠᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠶᠦᠨ ᠫᠧᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃
    ᠬᠤᠷᠠᠯ ᠠᠴᠠ ᠱᠠᠭᠠᠷᠳᠠᠭᠰᠠᠨ ᠨᠢ᠂ ᠨᠢᠭᠲᠠ  ᠬᠠᠮᠵᠢᠯᠴᠠᠨ᠂ ᠬᠤᠰᠢᠭᠤᠨ ᠤ ᠨᠠᠮ ᠤᠨ  ᠬᠤᠷᠢᠶᠠᠨ ᠤ ᠠᠯᠪᠠᠨ ᠬᠡᠷ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠪᠣᠯᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ ᠤᠨ ᠪᠠᠶᠢᠳᠠᠯ ᠢ ᠴᠠᠭ ᠲᠤᠬᠠᠶ ᠳᠤᠨᠢ᠂ ᠣᠨᠣᠪᠴᠢᠲᠠᠶ ᠪᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠳᠠᠮᠵᠢᠭᠤᠯᠵᠤ᠂ ᠮᠡᠳᠡᠭᠡᠯᠡᠬᠦ ᠲᠤᠰᠬᠠᠶ ᠰᠡᠳᠦᠪ ᠢ ᠬᠠᠮᠵᠢᠯᠴᠠᠨ ᠲᠥᠰᠦᠪᠯᠡᠵᠦ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠬᠥᠭᠵᠢᠯᠲᠡ ᠶᠢᠨ ᠲᠥᠪᠯᠡᠷᠡᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠶ᠃ ᠵᠣᠬᠢᠴᠠᠭᠤᠯᠤᠨ ᠬᠠᠮᠲᠤᠷᠠᠯᠴᠠᠨ ᠬᠦᠳᠡᠯᠦᠯᠴᠡᠵᠦ᠂ ᠵᠠᠭᠤᠴᠢᠯᠠᠭᠤᠷ ᠤᠨ ᠬᠥᠲᠥᠯᠥᠨ ᠵᠢᠯᠣᠭᠤᠳᠬᠤ ᠬᠦᠴᠦᠨ᠂ ᠣᠯᠠᠨ ᠨᠡᠶᠢᠲᠡ ᠶᠢ ᠢᠲᠡᠭᠡᠭᠦᠯᠬᠦ ᠬᠦᠴᠦᠨ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ᠃ ᠬᠠᠷᠠᠯᠲᠠ ᠪᠠᠨ ᠲᠣᠳᠣᠷᠬᠠᠶᠢᠯᠠᠵᠤ᠂ ︽ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ᠂ ᠲᠠᠷᠢᠶᠠᠯᠠᠩ ᠮᠠᠯ ᠠᠵᠤ ᠠᠬᠤᠶ ᠪᠠᠷ ᠬᠤᠰᠢᠭᠤ ᠪᠠᠨ ᠲᠣᠭᠲᠠᠪᠤᠷᠢᠵᠢᠭᠤᠯᠬᠤ᠂ ᠰᠣᠶᠣᠯ ᠵᠢᠭᠤᠯᠴᠢᠯᠠᠯ ᠢᠶᠠᠷ ᠬᠤᠰᠢᠭᠤ ᠪᠠᠨ ᠮᠠᠨᠳᠤᠭᠤᠯᠬᠤ᠂ ᠠᠵᠤ ᠦᠢᠯᠡᠳᠪᠦᠷᠢ ᠪᠠᠷ ᠬᠤᠰᠢᠭᠤ ᠪᠠᠨ ᠪᠠᠶᠠᠵᠢᠭᠤᠯᠬᠤ︾ ᠶᠢᠨ ᠲᠣᠭᠤᠷᠢᠨ ᠳᠤ᠂ ᠰᠣᠳᠣᠨ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠴᠢᠬᠤᠯᠠ ᠶᠡᠭᠡ ᠭᠤᠤᠯ ᠰᠡᠳᠦᠪᠲᠦ ᠮᠡᠳᠡᠭᠡᠯᠡᠯ᠂ ᠰᠢᠨ᠎ᠡ ᠶᠢ ᠡᠭᠦᠳᠬᠦ ᠨᠠᠷᠠᠲᠤ ᠲᠡᠮᠳᠡᠭᠲᠦ ᠬᠢᠭᠡᠳ ᠠᠭᠤᠯᠭ᠎ᠠ ᠶᠢ ᠪᠣᠶ ᠪᠣᠯᠭᠠᠵᠤ᠂ ᠬᠠᠮᠢᠶ᠎ᠠ ᠪᠥᠬᠦᠶ ᠵᠠᠭᠤᠴᠢᠯᠠᠭᠤᠷ ᠤᠨ ᠠᠭᠤᠰᠤᠯᠴᠠᠭᠰᠠᠨ ᠦᠢᠯᠡᠳᠬᠦᠨ ᠢ ᠪᠦᠲᠦᠭᠡᠵᠦ᠂ ᠵᠠᠭᠤᠴᠢᠯᠠᠭᠤᠷ ᠤᠨ ᠤᠬᠠᠭᠤᠯᠭ᠎ᠠ ᠶᠢᠨ ᠡᠭᠦᠳᠦᠯᠲᠡ ᠶᠢᠨ ᠲᠤᠭ᠎ᠠ ᠪᠠ ᠴᠢᠨᠠᠷ ᠴᠢᠨᠰᠠᠭ᠎ᠠ ᠶᠢ ᠵᠡᠷᠭᠡ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠣᠳᠣᠬᠢᠴᠢᠯᠠᠭᠰᠠᠨ ᠬᠦᠷᠢᠶ᠎ᠠ ᠶᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号