ᠣᠶᠢᠷ᠎ᠠ ᠶᠢᠨ ᠵᠢᠯ ᠠᠴᠠ ᠨᠠᠭᠠᠰᠢ᠂ ᠬᠦᠷᠢᠶ᠎ᠡ ᠬᠤᠰᠢᠭᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ | ᠬᠡᠷᠡᠭᠯᠡᠭᠡᠨ ᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠲᠥᠷᠥ ᠶᠢᠨ | ᠪᠣᠳᠣᠯᠭ᠎ᠠ ᠶᠢ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ | ᠪᠦᠭᠦ ᠬᠤᠰᠢᠭᠤᠨ ᠤ ᠲᠠᠷᠢᠶᠠᠯᠠᠩ ᠤᠨ ᠮᠠᠰᠢᠨ ᠤ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠲᠠᠷᠢᠶᠠᠯᠠᠩ ᠤᠨ | ᠪᠣᠬᠢᠷᠳᠤᠯ ᠦᠭᠡᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠪᠠ᠃ | ᠬᠦᠷᠢᠶ᠎ᠡ ᠪᠠᠯᠭᠠᠰᠤᠨ ᠤ ᠯᠣᠣ ᠬᠤ᠋ ᠳ᠋ᠦᠩ ᠭᠠᠴᠠᠭ᠎ᠠ ᠳᠤ ᠣᠷᠣᠬᠤ ᠳᠤ᠂ ᠲᠣᠰᠬᠤᠨ ᠤ ᠠᠷᠠᠳ ᠪᠠᠢ ᠯᠢ ᡁᠢ | ᠶᠠᠭ ᠥᠪᠡᠷ ᠤᠨ ᠭᠡᠷ ᠤᠨ ᠪᠣᠭᠤᠵᠢᠯᠠᠬᠤ ᠮᠠᠰᠢᠨ ᠢᠶᠠᠨ ᠪᠠᠶᠢᠴᠠᠭᠠᠨ ᠵᠠᠰᠠᠵᠤ ᠠᠷᠠᠴᠢᠯᠠᠵᠤ ᠪᠠᠶᠢᠯ᠎ᠠ᠃ ᠡᠨᠡ ᠬᠦ | ᠪᠣᠭᠤᠵᠢᠯᠠᠬᠤ ᠮᠠᠰᠢᠨ ᠢ ᠪᠠᠢ ᠯᠢ ᡁᠢ ᠡᠨᠡ ᠵᠢᠯ ᠤᠨ 9 ᠰᠠᠷ᠎ᠠ ᠳᠤ ᠬᠤᠳᠠᠯᠳᠤᠨ ᠠᠪᠤᠭᠰᠠᠨ ᠶᠤᠮ᠂ ᠬᠡᠳᠦᠨ | ᠡᠳᠦᠷ ᠤᠨ ᠡᠮᠦᠨ᠎ᠡ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠵᠣᠭᠤᠰ ᠢ ᠨᠢᠭᠡᠨᠲᠡ ᠺᠠᠷᠲ | ᠳᠤᠨᠢ ᠣᠷᠣᠭᠤᠯᠵᠤ᠂ ᠲᠡᠭᠦᠨ ᠳᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠦᠷᠲᠡᠭᠡᠭᠰᠡᠨ ᠪᠠᠶᠢᠨ᠎ᠠ᠃ ᠪᠠᠢ | ᠯᠢ ᡁᠢ᠄ ︽ᠪᠣᠭᠤᠵᠢᠯᠠᠬᠤ ᠮᠠᠰᠢᠨ ᠬᠤᠳᠠᠯᠳᠤᠨ ᠠᠪᠬᠤ ᠳᠤ 16.5 ᠲᠦᠮᠡᠨ ᠲᠥᠭᠦᠷᠢᠭ ᠵᠠᠷᠤᠴᠠᠭᠤᠯᠵᠤ᠂ ᠪᠠᠷᠤᠭ | 2 ᠲᠦᠮᠡᠨ ᠲᠥᠭᠦᠷᠢᠭ ᠤᠨ ᠨᠥᠬᠦᠪᠦᠷᠢ ᠥᠭᠴᠡᠢ︕ ᠪᠣᠭᠤᠵᠢᠯᠠᠬᠤ ᠮᠠᠰᠢᠨ ᠲᠠᠢ ᠪᠣᠯᠤᠭᠰᠠᠨ ᠤ ᠳᠠᠷᠠᠭ᠎ᠠ᠂ | ᠥᠪᠡᠷ ᠤᠨ ᠠᠵᠢᠯ ᠢᠶᠠᠨ ᠬᠢᠵᠦ ᠪᠠᠷᠠᠭᠰᠠᠨ ᠤ ᠳᠠᠷᠠᠭ᠎ᠠ᠂ ᠪᠠᠰᠠ ᠡᠷᠭᠢᠨ ᠲᠣᠭᠤᠷᠢᠨ ᠤ ᠲᠣᠰᠬᠤᠨ ᠤ ᠠᠷᠠᠳ ᠲᠤ | ᠦᠢᠯᠡᠴᠢᠯᠡᠵᠦ᠂ ᠪᠠᠭ᠎ᠠ ᠰᠠᠭ᠎ᠠ ᠦᠢᠯᠡᠴᠢᠯᠡᠭᠡᠨ ᠤ ᠰᠦᠢᠳᠬᠡᠯ ᠣᠯᠵᠤ ᠪᠣᠯᠣᠨ᠎ᠠ᠂ ᠢᠩᠭᠢᠵᠦ ᠬᠡᠳᠦᠨ ᠵᠢᠯ | ᠠᠵᠢᠯᠯᠠᠪᠠᠯ ᠡᠬᠡ ᠮᠥᠩᠭᠦ ᠪᠠᠨ ᠣᠯᠴᠢᠬᠠᠨ᠎ᠠ︾ ᠭᠡᠵᠦ ᠬᠡᠯᠡᠪᠡ᠃ | ᠬᠦᠷᠢᠶ᠎ᠡ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠡᠷᠡᠭ ᠡᠷᠭᠢᠯᠡᠭᠦ | ᠲᠢᠩᠬᠢᠮ ᠳᠤ᠂ ᠡᠯᠡᠰᠦᠨ ᠪᠠᠯᠭᠠᠰᠤ ᠶᠢᠨ ᠰᠠᠶᠢᠨᠲᠠᠯᠠ ᠭᠠᠴᠠᠭᠠᠨ ᠤ ᠠᠷᠠᠳ ᠾᠧ ᠯᠦᠩ ᠡᠯ᠎ᠡ ᠵᠦᠢᠯ ᠤᠨ | ᠮᠠᠲ᠋ᠧᠷᠢᠶᠠᠯ ᠢᠶᠠᠨ ᠠᠪᠴᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠳᠤ ᠬᠦᠷᠴᠦ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠨᠥᠬᠦᠪᠦᠷᠢ ᠭᠤᠶᠤᠴᠢᠯᠠᠨ ᠠᠪᠬᠤ ᠲᠤᠬᠠᠶᠢᠯᠠᠭᠰᠠᠨ ᠠᠵᠢᠯ ᠢ ᠭᠦᠢᠴᠡᠳᠬᠡᠪᠡ᠃ ᠾᠧ ᠯᠦᠩ | ᠨᠢᠳᠤᠨᠤᠨ ᠡᠷᠳᠡᠨᠢ ᠰᠢᠰᠢ ᠶᠢᠨ ᠬᠠᠳᠤᠵᠤ ᠬᠤᠷᠢᠶᠠᠬᠤ ᠮᠠᠰᠢᠨ ᠬᠤᠳᠠᠯᠳᠤᠨ ᠠᠪᠴᠤ᠂ ᠶᠡᠷᠦᠩᠬᠡᠢ ᠦᠨ᠎ᠡ ᠨᠢ 39. | 6 ᠲᠦᠮᠡᠨ ᠲᠥᠭᠦᠷᠢᠭ ᠲᠤ ᠬᠦᠷᠴᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢ 5.5 | ᠲᠦᠮᠡᠨ ᠲᠥᠭᠦᠷᠢᠭ ᠣᠷᠴᠢᠮ ᠭᠦᠷᠳᠡᠪᠡ᠃ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠥᠷᠳᠡᠭᠰᠡᠨ ᠤ | ᠳᠠᠷᠠᠭ᠎ᠠ᠂ ᠡᠨᠡ ᠵᠢᠯ ᠲᠡᠷᠡ ᠪᠠᠰᠠ ᠨᠢᠭᠡ ᠬᠤᠶᠠᠷ ᠬᠡᠷᠡᠭᠴᠡᠭᠡᠲᠦ ᠡᠷᠳᠡᠨᠢ ᠰᠢᠰᠢ ᠬᠠᠳᠤᠵᠤ ᠬᠤᠷᠢᠶᠠᠬᠤ ᠮᠠᠰᠢᠨ | ᠬᠤᠳᠠᠯᠳᠤᠨ ᠠᠪᠴᠠᠢ᠃ ᠾᠧ ᠯᠦᠩ ᠬᠡᠯᠡᠭᠰᠡᠨ ᠨᠢ᠄ ︽ᠡᠨᠡ ᠵᠢᠯ ᠤᠨ ᠬᠤᠳᠠᠯᠳᠤᠨ ᠠᠪᠤᠭᠰᠠᠨ ᠡᠷᠳᠡᠨᠢ ᠰᠢᠰᠢ | ᠬᠠᠳᠤᠵᠤ ᠬᠤᠷᠢᠶᠠᠬᠤ ᠮᠠᠰᠢᠨ ᠳᠤ 39.4 ᠲᠦᠮᠡᠨ ᠲᠥᠭᠦᠷᠢᠭ ᠵᠠᠷᠤᠴᠠᠭᠤᠯᠵᠠᠢ᠂ ᠡᠭᠦᠨ ᠳᠤ 4.5 ᠲᠦᠮᠡᠨ | ᠲᠥᠭᠦᠷᠢᠭ ᠣᠷᠴᠢᠮ ᠤᠨ ᠨᠥᠬᠦᠪᠦᠷᠢ ᠣᠯᠵᠤ ᠲᠡᠶᠢᠯᠦᠨ᠎ᠠ᠂ ᠨᠥᠬᠦᠪᠦᠷᠢ ᠮᠥᠩᠭᠦ ᠶᠢ ᠵᠢᠯ ᠠᠴᠠ ᠡᠮᠦᠨ᠎ᠡ ᠥᠭᠬᠦ | ᠪᠣᠯᠣᠨ᠎ᠠ︾ ᠭᠡᠵᠡᠢ᠃ | ᠡᠨᠡ ᠵᠢᠯ ᠪᠣᠯ ᠤᠯᠤᠰ ᠠᠴᠠ ᠰᠢᠨ᠎ᠡ ᠨᠢᠭᠡᠨ ᠡᠭᠡᠯᠵᠢ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ | ᠬᠡᠷᠡᠭᠯᠡᠭᠡᠨ ᠤ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠩᠬᠠᠨ ᠤ ᠵᠢᠯ ᠪᠣᠯᠣᠨ᠎ᠠ᠃ 11 | ᠰᠠᠷ᠎ᠠ ᠪᠤᠯᠲᠠᠯ᠎ᠠ᠂ ᠪᠦᠭᠦ ᠬᠤᠰᠢᠭᠤᠨ ᠳᠤ 2 ᠪᠦᠯᠦᠭ ᠤᠳᠠᠭ᠎ᠠ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ | ᠪᠠ ᠬᠡᠷᠡᠭᠯᠡᠭᠡᠨ ᠤ ᠨᠥᠬᠦᠪᠦᠷᠢ ᠶᠢᠨ ᠪᠡᠯᠡ ᠮᠥᠩᠭᠦ ᠶᠢ ᠲᠠᠰ ᠳᠡᠪᠰᠢᠭᠦᠯᠦᠨ ᠲᠠᠷᠬᠠᠭᠠᠬᠤ ᠠᠵᠢᠯ ᠢ ᠪᠡᠶᠡᠯᠡᠭᠦᠯᠵᠦ᠂ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢ 2255.19 ᠲᠦᠮᠡᠨ ᠲᠥᠭᠦᠷᠢᠭ ᠣᠯᠭᠤᠵᠤ᠂ | 2332 ᠲᠠᠷᠢᠶᠠᠴᠢᠨ ᠡᠷᠦᠭᠡ ᠳᠤ ᠠᠰᠢᠭ ᠬᠦᠷᠲᠡᠭᠡᠵᠦ᠂ 2547 ᠰᠠᠭᠤᠷᠢ ᠲᠠᠷᠢᠶᠠᠯᠠᠩ ᠤᠨ ᠮᠠᠰᠢᠨ ᠪᠠᠭᠠᠵᠢ ᠳᠤ | ᠨᠥᠬᠦᠪᠦᠷᠢ ᠣᠯᠭᠤᠪᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠥᠭᠴᠦ | ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠢᠶᠠᠷ᠂ ᠲᠠᠷᠢᠶᠠᠯᠠᠩ ᠤᠨ | ᠲᠣᠨᠤᠭ ᠲᠥᠬᠦᠭᠡᠷᠦᠮᠵᠢ ᠶᠢᠨ ᠪᠦᠲᠦᠴᠡ ᠶᠢ ᠪᠦᠲᠦᠮᠵᠢᠲᠡᠶ ᠰᠠᠶᠢᠵᠢᠷᠠᠭᠤᠯᠵᠤ᠂ ᠲᠠᠷᠢᠶᠠᠯᠠᠩ ᠤᠨ ᠮᠠᠰᠢᠨᠴᠢᠯᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ | ᠨᠡᠮᠡᠭᠳᠡᠭᠦᠯᠵᠦ᠂ ᠪᠦᠭᠦ ᠬᠤᠰᠢᠭᠤᠨ ᠤ ᠤᠯᠠᠮᠵᠢᠯᠠᠯᠲᠤ ᠲᠠᠷᠢᠶᠠᠯᠠᠩ ᠤᠨ ᠭᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠪᠠ᠃ | ᠲᠠᠷᠠᠭᠠᠴᠢ ᠶᠢᠨ ᠠᠯᠬᠤᠮ ᠳᠤ᠂ ᠲᠣᠰ ᠬᠤᠰᠢᠭᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠤ ᠨᠥᠬᠦᠪᠦᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠡᠷᠦᠭᠡ ᠪᠣᠯᠭᠠᠨ ᠳᠤ ᠮᠡᠳᠡᠭᠦᠯᠬᠦ ᠶᠢ ᠪᠠᠲᠤᠯᠠᠬᠤ ᠪᠣᠯᠣᠨ᠎ᠠ᠃ ᠡᠭᠦᠨ ᠤ ᠬᠠᠮᠲᠤ᠂ ᠲᠠᠷᠢᠶᠠᠯᠠᠩ | ᠦᠢᠯᠡᠳᠪᠦᠷᠢᠯᠡᠯ ᠤᠨ ᠮᠠᠰᠢᠨ ᠮᠧᠬᠠᠨᠢᠬ ᠤᠨ ᠬᠡᠷᠡᠭᠯᠡᠯᠲᠡ ᠶᠢ ᠰᠢᠯᠢᠳᠡᠭᠵᠢᠭᠦᠯᠬᠦ ᠪᠠ ᠰᠠᠶᠢᠵᠢᠷᠠᠭᠤᠯᠬᠤ ᠶᠢ | ᠴᠢᠩᠭᠠᠳᠬᠠᠵᠤ᠂ ᠮᠠᠯᠴᠢᠨ ᠲᠠᠷᠢᠶᠠᠴᠢᠳ ᠲᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠠᠪᠴᠢᠷᠠᠭᠰᠠᠨ | ᠪᠣᠳᠠᠲᠤ ᠠᠰᠢᠭ ᠢ ᠨᠠᠩ ᠳᠥᠭᠦᠮ ᠳᠥᠲᠡ ᠬᠦᠷᠲᠡᠭᠡᠬᠦ ᠪᠣᠯᠣᠨ᠎ᠠ᠃ |