ᠱᠦᠢᠴᠢᠤᠸᠠᠨ ᠰᠢᠶᠠᠩ ᠴᠠᠭᠠᠨ ᠰᠠᠷ᠎ᠠ ᠠᠴᠠ ᠡᠮᠦᠨ᠎ᠡ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/17
    1 ᠰᠠᠷ᠎ᠠ ᠶᠢᠨ 16 ᠤ ᠡᠳᠦᠷ᠂ ᠱᠦᠢᠴᠢᠤᠸᠠᠨ ᠰᠢᠶᠠᠩ ᠤᠨ ᠨᠠᠮ ᠤᠨ ᠬᠤᠷᠢᠶ᠎ᠠ ᠥᠪᠥᠷ ᠮᠣᠩᠭᠤᠯ ᠤᠨ ᠬᠤᠩ ᠳ᠋ᠠ ᠱᠧᠩ ᠮᠤᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠴᠠᠭᠠᠨ ᠰᠠᠷ᠎ᠠ ᠠᠴᠠ ᠡᠮᠦᠨᠡᠬᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠲᠣᠬᠤᠨᠢᠭᠤᠯᠬᠤ ᠳᠤᠭᠤᠶᠢᠯᠠᠩ ᠤᠷᠢᠳ ᠬᠤᠵᠢᠳ ᠱᠦᠢ ᠴᠢᠤᠸᠠᠨ ᠰᠢᠶᠠᠩ ᠤᠨ ᠦᠷᠡᠯᠲᠦ ᠭᠠᠴᠠᠭ᠎ᠠ᠂ ᠳ᠋ᠤᠤ ᠲᠢᠶᠠᠨ ᠲᠣᠰᠬᠤᠨ᠂ ᠭᠡᠷᠡᠯ ᠭᠠᠴᠠᠭ᠎ᠠ᠂ ᠲᠣᠭᠤᠯ ᠤᠨ ᠭᠤᠤ ᠲᠣᠰᠬᠤᠨ ᠵᠡᠷᠭᠡ ᠭᠠᠵᠠᠷ ᠲᠤ ᠬᠦᠷᠴᠦ᠂ ᠬᠡᠰᠡᠭ ᠶᠣᠰᠣ ᠰᠤᠷᠲᠠᠬᠤᠨ ᠤ ᠵᠢᠱᠢᠶᠡᠴᠢ᠂ ᠰᠠᠶᠢᠨ ᠳᠤᠷ᠎ᠠ ᠶᠢᠨ ᠦᠢᠯᠡᠴᠢᠯᠡᠭᠴᠢ᠂ ᠬᠠᠮᠤᠭ ᠤᠨ ᠭᠤᠶᠤ ᠭᠡᠷ ᠪᠦᠯᠢ ᠵᠡᠷᠭᠡ ᠶᠢ ᠪᠣᠯᠭᠤᠭᠠᠨ ᠲᠣᠬᠤᠨᠢᠭᠤᠯᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠳᠤ ᠠᠮᠤ ᠪᠤᠳᠠᠭ᠎ᠠ᠂ ᠭᠤᠯᠢᠷ᠂ ᠲᠤᠰᠤ ᠵᠡᠷᠭᠡ ᠠᠮᠢᠳᠤᠷᠠᠯ ᠤᠨ ᠬᠡᠷᠡᠭᠰᠡᠯ ᠢ ᠬᠦᠷᠭᠡᠵᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号