ᠯᠢ ᠢᠦᠢ ᠹᠦ᠋ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/2
    12 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠢᠦᠶ ᠹᠦ᠋ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠯᠢ ᠢᠦᠢ ᠹᠦ᠋ ᠨᠠᠷ ᠤᠷᠢᠳ ᠬᠤᠵᠢᠳ ᠵᠢᠨᠱᠠᠨ ᠰᠢᠩᠭᠡᠨᠵᠢᠮᠡᠯ ᠬᠡᠢ ᠶᠢᠨ ᠦᠷᠳᠡᠭᠡ᠂ ᠬᠤᠸᠠᠷ ᠫᠤᠤᠵᠢᠩ ᠪᠣᠷᠣᠯᠠᠭᠤᠯᠬᠤ ᠭᠠᠵᠠᠷ᠂ ᠶᠢᠨ ᠴᠢᠶᠠᠨ ᠵᠢᠶᠠ ᠬᠡᠳᠦ ᠳᠡᠯᠭᠡᠭᠦᠷ᠂ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠬᠦᠷᠴᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠯᠢ ᠢᠦᠢ ᠹᠦ᠋ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠠᠭ ᠲᠤᠬᠠᠢ ᠳᠤᠨᠢ ᠬᠢᠬᠦ᠂ ᠴᠢᠩᠭ᠎ᠠ ᠵᠢᠵᠢᠭᠦᠷᠯᠡᠨ ᠰᠠᠬᠢᠬᠤ᠂ ᠲᠣᠭᠤᠷᠢᠨ ᠪᠠᠶᠢᠴᠠᠭᠠᠬᠤ ᠶᠢ ᠭᠦᠨᠵᠡᠭᠡᠶᠢᠷᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠥᠨᠳᠥᠷ ᠪᠦᠲᠦᠮᠵᠢᠲᠡᠢ ᠪᠠᠶᠢᠯᠭᠠᠬᠤ ᠶᠢ ᠦᠨᠡᠨᠬᠦ ᠪᠡᠶᠡᠯᠡᠭᠦᠯᠵᠦ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠡᠢ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号