ᠪᠥᠬᠦ ᠬᠤᠰᠢᠭᠤᠨ ᠤ ᠠᠵᠤ ᠠᠬᠤᠶ ᠶᠢᠨ ᠡᠷᠭᠢᠯᠲᠡ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/2
    12 ᠰᠠᠷ᠎ᠠ ᠶᠢᠨ 31 ᠤ ᠡᠳᠦᠷ᠂ ᠪᠥᠬᠦ ᠬᠤᠰᠢᠭᠤᠨ ᠤ ᠠᠵᠤ ᠠᠬᠤᠶ ᠶᠢᠨ ᠡᠷᠭᠢᠯᠲᠡ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠸᠠᠩ ᠸᠧᠶ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠢᠦᠶ ᠹᠦ᠋ ᠬᠤᠷᠠᠯ ᠳᠤ ᠣᠷᠣᠯᠴᠠᠵᠠᠶ᠃ ᠬᠤᠷᠠᠯ ᠢ ᠸᠠᠩ ᠸᠧᠢ ᠡᠷᠬᠢᠯᠡᠪᠡ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠳᠣᠬᠠᠨ ᠤ ᠪᠠᠶᠢᠳᠠᠯ ᠢ ᠣᠨᠣᠪᠴᠢᠲᠠᠢ ᠡᠵᠡᠮᠳᠡᠵᠦ᠂ ᠬᠠᠷᠠᠯᠲᠠ ᠪᠠᠨ ᠲᠣᠭᠲᠠᠭᠠᠵᠤ᠂ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠪᠠᠷᠢᠮᠵᠢᠶᠠᠯᠠᠨ ᠬᠠᠷᠭᠤᠭᠤᠯᠵᠤ ᠵᠥᠷᠢᠶ᠎ᠡ ᠪᠠᠨ ᠡᠷᠢᠵᠦ ᠳᠤᠲᠠᠭᠤᠳᠠᠯ ᠢᠶᠠᠨ ᠨᠥᠬᠦᠪᠥᠷᠢᠯᠡᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠠᠵᠤ ᠠᠬᠤᠶ ᠶᠢᠨ ᠡᠷᠭᠢᠯᠲᠡ ᠶᠢ ᠬᠢᠨᠠᠨ ᠬᠡᠮᠵᠢᠵᠦ ᠵᠠᠳᠠᠯᠤᠯᠲᠠ ᠬᠢᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠡᠳᠡᠭᠡ ᠵᠠᠩᠭᠢ ᠶᠢᠨ ᠨᠡᠪᠲᠡᠷᠡᠯᠴᠡᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠦᠨ᠂ ᠨᠢᠭᠡᠳᠦᠯᠲᠡᠶ ᠲᠥᠯᠥᠪᠯᠡᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠠᠵᠤ ᠠᠬᠤᠶᠢᠯᠠᠯ ᠢ ᠪᠤᠶᠢᠵᠢᠭᠤᠯᠤᠨ ᠬᠥᠭᠵᠢᠭᠦᠯᠬᠦ ᠶᠢ ᠴᠢᠩᠭᠠᠳᠬᠠᠵᠤ᠂ ᠲᠦᠷᠦᠯ ᠵᠦᠢᠯ ᠢ ᠲᠦᠷᠭᠡᠨ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠡᠭᠦᠨ ᠤ ᠬᠠᠮᠲᠤ᠂ 2025 ᠣᠨ ᠤ ᠲᠥᠷᠥᠯ ᠵᠦᠢᠯ ᠢ ᠣᠷᠣᠭᠤᠯᠤᠨ ᠠᠪᠴᠢᠷᠠᠬᠤ᠂ ᠪᠥᠲᠥᠭᠡᠨ ᠪᠠᠶᠢᠭᠤᠯᠬᠤ᠂ ᠲᠡᠮᠡᠴᠡᠨ ᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠶ ᠰᠠᠶᠢᠲᠤᠷ ᠲᠥᠯᠥᠪᠵᠢᠭᠦᠯᠬᠦ ᠬᠡᠷᠡᠭᠲᠡᠶ ᠭᠡᠪᠡ᠃    ᠬᠤᠷᠠᠯ ᠳᠡᠭᠡᠷ᠎ᠡ᠂ ᠡᠯ᠎ᠡ ᠰᠠᠯᠠᠭ᠎ᠠ ᠮᠥᠴᠢᠷ ᠤᠨ ᠬᠢᠨ ᠪᠦᠬᠦ ᠵᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠳᠥᠷᠪᠡᠳᠦᠭᠡᠷ ᠤᠯᠠᠷᠢᠯ ᠤᠨ ᠭᠦᠢᠴᠡᠳᠬᠡᠯ ᠲᠤᠭ᠎ᠠ ᠶᠢᠨ ᠵᠢᠱᠢᠯᠲᠡ ᠶᠢᠨ ᠪᠠᠶᠢᠳᠠᠯ ᠵᠢᠴᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠪᠠᠶᠢᠳᠠᠯ ᠢ ᠬᠠᠷᠢᠭᠤ ᠮᠡᠳᠡᠭᠦᠯᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号