ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 54 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/2
    12 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠸᠠᠩ ᠸᠧᠶ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 54 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃    ᠸᠠᠩ ᠸᠧᠢ ᠴᠢᠬᠤᠯᠠᠴᠢᠯᠠᠭᠰᠠᠨ ᠨᠢ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠰᠢᠨ᠎ᠡ ᠱᠠᠭᠠᠷᠳᠠᠯᠭ᠎ᠠ᠂ ᠰᠢᠨ᠎ᠡ ᠠᠵᠠ ᠲᠣᠬᠢᠶᠠᠯ᠂ ᠰᠢᠨ᠎ᠡ ᠬᠥᠳᠡᠯᠭᠡᠬᠦ ᠬᠦᠴᠦᠨ ᠢ ᠭᠦᠨᠵᠡᠭᠡᠢ ᠡᠵᠡᠮᠳᠡᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ︔ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠪᠦᠬᠦ ᠲᠠᠯ᠎ᠠ ᠪᠠᠷ ᠡᠵᠡᠮᠳᠡᠵᠦ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠮᠵᠢᠯᠲᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃    ᠬᠤᠷᠠᠯ ᠠᠴᠠ ᠬᠦᠷᠢᠶ᠎ᠡ ᠬᠤᠰᠢᠭᠤᠨ ᠤ 2025 ᠣᠨ ᠤ ᠲᠥᠪ ᠠᠴᠠ ᠤᠷᠢᠳᠴᠢᠯᠠᠨ ᠪᠠᠭᠤᠯᠭᠠᠭᠰᠠᠨ ᠡᠳ᠋ ᠤᠨ ᠵᠠᠰᠠᠭ ᠢ ᠵᠣᠯᠭᠠᠭᠤᠯᠬᠤ ᠪᠡᠯᠡ ᠮᠥᠩᠭᠦ ᠶᠢᠨ ᠲᠥᠷᠥᠯ ᠵᠦᠢᠯ ᠢ ᠰᠣᠳᠤᠯᠵᠤ᠂ ᠬᠠᠮᠢᠶ᠎ᠠ ᠪᠦᠬᠦᠢ ᠶᠠᠪᠤᠳᠠᠯ ᠢ ᠲᠣᠬᠢᠷᠠᠭᠤᠯᠪᠠ᠃ ᠬᠤᠷᠠᠯ ᠠᠴᠠ ︽ᠬᠦᠷᠢᠶ᠎ᠡ ᠬᠤᠰᠢᠭᠤᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠶᠠᠪᠤᠳᠠᠯ ᠳᠤ ᠬᠡᠷᠡᠭᠯᠡᠬᠦ  ᠲᠡᠷᠭᠡ ᠶᠢᠨ ᠲᠥᠪᠯᠡᠷᠡᠩᠭᠦᠶ ᠨᠢᠭᠡᠳᠦᠯᠲᠡᠶ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾᠂ ︽2024 ᠣᠨ ᠤ ︿ᠭᠤᠷᠪᠠ ᠶᠢ ᠪᠠᠲᠤᠯᠠᠬᠤ﹀ ᠵᠢᠴᠢ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠠᠵᠢᠯ ᠦᠢᠯᠡᠰ ᠤᠨ ᠨᠢᠭᠡᠴᠢ ᠶᠢᠨ ᠬᠠᠮᠲᠤᠷᠠᠭᠰᠠᠨ ᠰᠢᠯᠭᠠᠯᠲᠠ ︵ᠬᠦᠷᠢᠶ᠎ᠡ ᠬᠤᠰᠢᠭᠤᠨ ᠤ ᠠᠵᠢᠯ ᠤᠨ ᠪᠠᠶᠢᠷᠢ︶ ᠶᠢᠨ ᠢᠯᠡ ᠪᠠᠷ ᠠᠵᠢᠯᠲᠠᠨ ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ︾᠂ ︽ᠬᠦᠷᠢᠶ᠎ᠡ ᠬᠤᠰᠢᠭᠤᠨ ᠤ ᠶᠡᠷᠦᠩᠬᠡᠶ ᠡᠮᠨᠡᠯᠭᠡ ᠶᠢᠨ ᠬᠤᠷᠢᠶ᠎ᠠ ︵ᠬᠦᠷᠢᠶ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ︶ ᠶᠢᠨ 2024 ᠣᠨ ᠤ ᠳᠣᠤᠷ᠎ᠠ ᠬᠠᠭᠠᠰ ᠵᠢᠯ ᠳᠤ ᠢᠯᠡ ᠪᠠᠷ ᠪᠠᠴᠢᠮ ᠬᠡᠷᠡᠭᠰᠡᠬᠦ ᠡᠮᠴᠢᠯᠡᠭᠡᠨ ᠤ ᠲᠤᠰᠬᠠᠶ ᠮᠡᠷᠭᠡᠵᠢᠯ ᠤᠨ ᠠᠵᠢᠯᠲᠠᠨ ᠡᠯᠰᠡᠬᠦ ︵ᠬᠤᠶᠠᠳᠤᠭᠠᠷ ᠡᠭᠡᠯᠵᠢ︶ ᠶᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号