1 ᠰᠠᠷ᠎ᠠ ᠶᠢᠨ 1 ᠤ ᠡᠳᠦᠷ᠂ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠥᠪᠥᠷ | ᠮᠣᠩᠭᠤᠯ ᠤᠨ ᠶᠢᠨ ᠱᠠ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ | ᠬᠤᠰᠢᠭᠤᠨ ᠤ ᠮᠠᠰᠢᠨ ᠲᠡᠷᠭᠡ ᠮᠣᠲ᠋ᠣᠷ ᠲᠡᠷᠭᠡᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠳᠠᠭᠠᠭᠠᠴᠢᠯᠠᠨ | ᠡᠷᠭᠢᠯᠡᠭᠰᠡᠨ 2025 ᠣᠨ ᠤ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ ᠬᠡᠭᠡᠷᠡᠯᠡᠨ ᠠᠶᠠᠯᠠᠬᠤ ᠬᠤᠷᠴᠢᠨ︾ | ᠬᠦᠷᠢᠶ᠎ᠡ ᠶᠢᠨ ᠮᠥᠩᠭᠦᠨ ᠲᠤᠬᠤᠢ ᠶᠢᠨ ᠬᠡᠭᠡᠷᠡᠯᠡᠨ ᠠᠶᠠᠯᠠᠬᠤ ᠮᠠᠰᠢᠨ ᠲᠡᠷᠭᠡ U2 ᠥᠷᠢᠰᠥᠯᠳᠦᠭᠡᠨ ᠤ | ᠤᠷᠤᠯᠳᠤᠭᠠᠨ ᠮᠥᠩᠭᠦᠨ ᠲᠣᠬᠤᠢ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠤᠷᠴᠠ ᠰᠢᠷᠦᠭᠦᠨ ᠶᠠᠪᠤᠭᠳᠠᠪᠠ᠃ | | | | | ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠧᠦ ᠭᠦᠸᠧ ᠭᠠᠩ᠂ ᠬᠤᠰᠢᠭᠤᠨ ᠤ | ᠤᠳᠤᠷᠢᠳᠤᠯᠭ᠎ᠠ ᠸᠠᠩ ᠸᠧᠢ᠂ ᠯᠢ ᠢᠦᠢ ᠹᠦ᠋᠂ ᠢᠦᠢ ᠮᠢᠩ ᠮᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠳᠠᠷᠤᠭ᠎ᠠ ᠸᠠᠩ ᠸᠧᠶ ᠪᠠᠶᠠᠷ ᠤᠨ ᠦᠭᠡ ᠬᠡᠯᠡᠬᠦ ᠳᠡᠭᠡᠨ᠂ ᠬᠦᠷᠢᠶ᠎ᠡ ᠶᠢᠨ ᠮᠥᠩᠭᠦᠨ ᠲᠤᠬᠤᠢ ᠡᠯᠡᠰᠦᠨ ᠴᠦᠯ ᠤᠨ | ᠦᠵᠡᠮᠵᠢ ᠪᠠ ᠡᠯᠪᠡᠭ ᠪᠠᠶᠠᠯᠢᠭ ᠬᠡᠭᠡᠷᠡᠯᠡᠨ ᠠᠶᠠᠯᠠᠬᠤ ᠡᠬᠢ ᠪᠠᠶᠠᠯᠢᠭ ᠢᠶᠠᠷ ᠢᠶᠠᠨ ᠤᠯᠤᠰ ᠤᠨ ᠳᠣᠲᠣᠭᠠᠳᠤ | ᠭᠠᠳᠠᠭᠠᠳᠤ ᠶᠢᠨ ᠬᠡᠭᠡᠷᠡᠯᠡᠨ ᠠᠶᠠᠯᠠᠬᠤ ᠳᠤᠷ᠎ᠠ ᠪᠠᠭ᠋ᠠᠲᠠᠳ ᠤᠨ ᠬᠦᠰᠡᠯᠡᠩᠳᠦ ᠭᠠᠵᠠᠷ ᠪᠣᠯᠤᠭᠰᠠᠭᠠᠷ ᠢᠷᠡᠵᠡᠶ᠃ ᠮᠥᠰᠥ | ᠴᠠᠰᠤᠨ ᠤ ᠬᠡᠭᠡᠷᠡᠯᠡᠨ ᠠᠶᠠᠯᠠᠬᠤ ᠮᠠᠰᠢᠨ ᠲᠡᠷᠭᠡᠨ ᠤ U2 ᠥᠷᠢᠰᠦᠯᠳᠦᠬᠦ ᠤᠷᠤᠯᠳᠤᠭᠠᠨ ᠪᠣᠯ ᠨᠢᠭᠡ ᠤᠳᠠᠭᠠᠨ ᠤ | ᠬᠤᠷᠲᠤᠴᠠ ᠪᠠ ᠣᠷᠭᠢᠯᠤᠮ᠎ᠠ ᠰᠡᠳᠬᠢᠯᠭᠡ ᠶᠢᠨ ᠦᠵᠡᠯᠴᠡᠭᠡᠨ ᠮᠥᠨ᠂ ᠨᠢᠭᠡ ᠤᠳᠠᠭᠠᠨ ᠤ ᠣᠮᠤᠭ ᠵᠣᠷᠢᠭ᠂ ᠡᠷ᠎ᠡ | ᠰᠥᠰᠥ ᠪᠠ ᠪᠦᠯᠬᠦᠮ ᠨᠡᠶᠢᠲᠡ ᠶᠢᠨ ᠵᠣᠷᠢᠭ ᠰᠠᠨᠠᠭᠠᠨ ᠤ ᠰᠢᠯᠭᠠᠯᠲᠠ ᠮᠥᠨ᠂ ᠨᠠᠩ ᠴᠤ ᠪᠠᠶᠢᠭᠠᠯᠢ ᠶᠢᠨ ᠦᠵᠡᠮᠵᠢ | ᠪᠠ ᠬᠥᠮᠦᠨ ᠰᠣᠶᠣᠯ ᠤᠨ ᠵᠠᠩ ᠦᠢᠯᠡ ᠶᠢᠨ ᠪᠦᠷᠢᠨ ᠲᠡᠭᠦᠯᠳᠡᠷ ᠤᠶᠠᠯᠳᠤᠯ᠂ ᠪᠡᠶ᠎ᠡ ᠶᠢᠨ ᠲᠠᠮᠢᠷ ᠤᠨ | ᠤᠷᠤᠯᠳᠤᠭᠠᠨ ᠤ ᠵᠣᠷᠢᠭ ᠰᠠᠨᠠᠭ᠎ᠠ ᠪᠠ ᠬᠦᠷᠢᠶ᠎ᠡ ᠶᠢᠨ ᠥᠪᠡᠷᠮᠢᠴᠡ ᠰᠣᠶᠣᠯ ᠤᠨ ᠭᠤᠶᠢᠳᠠ ᠰᠠᠶᠢᠬᠠᠨ ᠢᠯᠡᠷᠡᠯ ᠮᠥᠨ᠃ | ᠣᠯᠠᠨ ᠢᠶᠠᠷ ᠢᠶᠠᠨ ᠤᠷᠤᠯᠳᠤᠭᠠᠨ ᠤ ᠪᠠᠶᠠᠷ ᠪᠠᠭ᠋ᠠᠳᠤᠯ ᠢ ᠡᠳ᠋ᠯᠡᠬᠦ ᠶᠢᠨ ᠬᠠᠮᠲᠤ ᠪᠠᠶᠠᠷ ᠪᠠᠶᠠᠰᠤᠯ ᠲᠠᠢ᠂ ᠨᠥᠬᠦᠷᠯᠡᠯ | ᠪᠠ ᠰᠠᠶᠢᠨ ᠰᠠᠶᠢᠬᠠᠨ ᠠᠮᠵᠢᠯᠲᠠ ᠤᠯᠬᠤ ᠶᠢ ᠬᠦᠰᠡᠵᠦ ᠪᠠᠶᠢᠨ᠎ᠠ ᠭᠡᠪᠠ᠃ | ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠧᠦ ᠭᠦᠸᠧ ᠭᠠᠩ ᠤᠷᠤᠯᠳᠤᠭᠠᠨ ᠡᠬᠢᠯᠡᠭᠰᠡᠨ ᠢ | ᠵᠠᠷᠯᠠᠪᠠ᠃ ᠲᠣᠰ ᠤᠳᠠᠭᠠᠨ ᠤ ᠤᠷᠤᠯᠳᠤᠭᠠᠨ ᠳᠤ ᠥᠪᠥᠷ ᠮᠣᠩᠭᠤᠯ᠂ ᠯᠢᠶᠣᠤᠨᠢᠩ᠂ ᠭᠢᠷᠢᠨ ᠵᠡᠷᠭᠡ ᠭᠠᠵᠠᠷ ᠠᠴᠠ | ᠢᠷᠡᠭᠰᠡᠨ 88 ᠲᠠᠮᠢᠷᠴᠢᠨ᠂ 31 ᠲᠡᠷᠭᠡᠨ ᠠᠩᠭᠢ ᠣᠷᠣᠯᠴᠠᠵᠠᠶ᠃ ᠲᠣᠰ ᠤᠳᠠᠭᠠᠨ ᠤ ᠠᠵᠢᠯᠯᠠᠭ᠎ᠠ ᠪᠣᠯ | ᠥᠪᠡᠷᠲᠡᠭᠡᠨ ᠵᠠᠰᠠᠬᠤ ᠣᠷᠣᠨ ᠤ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ᠂ ᠪᠠᠶᠠᠰᠬᠤᠯᠠᠩᠲᠤ ᠮᠥᠰᠥ | ᠴᠠᠰᠤᠨ ᠤ ᠤᠯᠠᠷᠢᠯ︾ ᠤᠨ ᠬᠥᠭᠵᠢᠯᠲᠡ ᠶᠢᠨ ᠰᠡᠳᠬᠢᠮᠵᠢ ᠶᠢᠨ ᠨᠢᠭᠡ ᠤᠳᠠᠭᠠᠨ ᠤ ᠦᠢᠯᠡᠳᠦᠯᠭᠡ ᠶᠢᠨ ᠠᠵᠢᠯᠯᠠᠭ᠎ᠠ | ᠪᠠᠶᠢᠵᠤ᠂ ᠮᠠᠨ ᠤ ᠬᠤᠰᠢᠭᠤᠨ ᠤ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠳᠤ ᠥᠩᠭᠡ ᠬᠡᠷᠡᠯ ᠨᠡᠮᠡᠷᠢᠯᠡᠭᠰᠡᠨ | ᠪᠠᠶᠢᠨ᠎ᠠ᠃ ᠣᠶᠢᠷ᠎ᠠ ᠶᠢᠨ ᠵᠢᠯ ᠳᠤ᠂ ᠮᠠᠨ ᠤ ᠬᠤᠰᠢᠭᠤ ᠭᠦᠨ ᠵᠤᠵᠠᠭᠠᠨ ᠲᠡᠦᠬᠡ ᠰᠣᠶᠣᠯ ᠪᠠ ᠥᠪᠡᠷᠮᠢᠴᠡ | ᠣᠨᠴᠠᠯᠢᠭ ᠲᠠᠢ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠳᠤᠮᠳᠠᠳᠤ ᠤᠯᠤᠰ ᠤᠨ ᠮᠣᠲ᠋ᠣᠷ | ᠲᠡᠷᠭᠡᠨ ᠤ ᠬᠡᠭᠡᠷ᠎ᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠡᠯᠡᠰᠦᠨ ᠴᠥᠯ ᠤᠨ ᠶᠠᠪᠠᠭᠠᠨ ᠶᠠᠪᠤᠬᠤ ᠶᠡᠭᠡ | ᠴᠤᠭᠯᠠᠭᠠᠨ᠂ ᠴᠠᠭᠠᠰᠤᠨ ᠰᠢᠪᠠᠭᠤᠨ ᠤ ᠨᠠᠶᠢᠷ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠣᠯᠠᠨ ᠤᠳᠠᠭ᠎ᠠ | ᠡᠷᠭᠢᠯᠡᠵᠦ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ | ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ᠲᠤᠬᠠᠶ ᠶᠢᠨ | ᠭᠠᠵᠠᠷ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ | | |