1 ᠰᠠᠷ᠎ᠠ ᠶᠢᠨ 17 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ | ᠮᠠᠨ ᠤ ᠬᠤᠰᠢᠭᠤᠨ ᠳᠤ ᠢᠷᠡᠵᠦ ᠴᠠᠭᠠᠨ ᠰᠠᠷ᠎ᠠ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ | ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠵᠠᠩ ᠬᠠᠨ ᠰᠥᠩ ᠪᠠᠷ᠎ᠠ ᠪᠣᠯᠪᠠ᠃ | ᠯᠢᠦᠶ ᠭᠦᠸᠧ ᠬᠤᠸᠠ ᠤᠷᠢᠳ ᠬᠤᠵᠢᠳ ᠥᠪᠥᠷ ᠮᠣᠩᠭᠤᠯ ᠤᠨ ᠬᠤᠩ ᠳ᠋ᠠ ᠱᠧᠩ ᠮᠤᠤ ᠲᠠᠷᠢᠶᠠᠯᠠᠩ ᠮᠠᠯ | ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠵᠢᠨᠱᠠᠨ | ᠰᠢᠩᠭᠡᠨᠵᠢᠮᠡᠯ ᠬᠡᠢ ᠶᠢᠨ ᠦᠷᠳᠡᠭᠡ᠂ ᠬᠦᠷᠢᠶ᠎ᠡ ᠬᠤᠰᠢᠭᠤᠨ ᠤ ᠮᠠᠰᠢᠨ ᠲᠡᠷᠭᠡᠨ ᠤ ᠠᠶᠠᠨᠴᠢᠳ ᠤᠨ ᠦᠷᠳᠡᠭᠡ ᠵᠡᠷᠭᠡ | ᠭᠠᠵᠠᠷ ᠲᠤ ᠬᠦᠷᠴᠦ᠂ ᠪᠣᠳᠠᠲᠤ ᠪᠠᠶᠢᠳᠠᠯ ᠢ ᠦᠵᠡᠵᠦ᠂ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠶᠢᠳᠠᠯ ᠢ | ᠠᠰᠠᠭᠤᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ | | ᠯᠢᠦᠶ ᠭᠦᠸᠧ ᠬᠤᠸᠠ ᠴᠢᠬᠤᠯᠠᠴᠢᠯᠠᠭᠰᠠᠨ ᠨᠢ᠂ ᠴᠠᠭᠠᠨ ᠰᠠᠷ᠎ᠠ ᠣᠶᠢᠷᠠᠳᠴᠤ᠂ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠨᠢᠭᠡᠴᠢ ᠠᠶᠤᠯᠭᠦᠶ ᠦᠢᠯᠡᠳᠪᠦᠷᠢᠯᠡᠯ ᠤᠨ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠠᠵᠤ | ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ | ᠪᠠ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠳᠠᠯᠳᠠ ᠬᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠭᠤᠤᠯᠳᠠᠯᠭ᠎ᠠ ᠲᠠᠢ ᠣᠷᠣᠨ ᠪᠠᠶᠢᠷᠢ᠂ ᠪᠠᠭᠤᠷᠠᠶ | ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠪᠠ ᠬᠢᠨᠠᠯᠲᠠ ᠲᠠᠯᠪᠢᠵᠤ ᠵᠢᠯᠣᠭᠤᠳᠬᠤ ᠶᠢ ᠴᠢᠩᠭᠠᠳᠬᠠᠵᠤ᠂ | ᠠᠶᠤᠯᠭᠦᠶ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠰᠠᠶᠢᠲᠤᠷ | ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨ ᠬᠦ | ᠠᠷᠢᠯᠭᠠᠵᠤ᠂ ᠡᠯ᠎ᠡ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ | ᠬᠤᠷᠢᠭᠯᠠᠬᠤ ᠬᠡᠷᠡᠭᠲᠡᠶ︔ ᠠᠮᠤᠷ ᠲᠦᠪᠰᠢᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠶᠤᠯᠭᠦᠶ | ᠦᠢᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠨᠢ ᠴᠠᠭ ᠲᠤᠬᠠᠶ ᠳᠤᠨᠢ᠂ ᠵᠢᠵᠢᠭᠦᠷᠯᠡᠨ ᠰᠠᠬᠢᠬᠤ ᠨᠢ ᠴᠢᠩᠭ᠎ᠠ᠂ | ᠲᠣᠭᠤᠷᠢᠨ ᠪᠠᠶᠢᠴᠠᠭᠠᠬᠤ ᠨᠢ ᠭᠦᠨᠵᠡᠭᠡᠶ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠨᠢ ᠥᠨᠳᠥᠷ ᠪᠦᠲᠦᠮᠵᠢᠲᠡᠢ | ᠪᠠᠶᠢᠬᠤ ᠶᠢ ᠦᠨᠡᠨ ᠬᠦ ᠪᠡᠶᠡᠯᠡᠭᠦᠯᠵᠦ᠂ ᠡᠯ᠎ᠡ ᠵᠦᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠪᠡ᠃ | | | |