ᠯᠢᠦᠶ ᠭᠦᠸᠧ ᠬᠤᠸᠠ ᠮᠠᠨ ᠤ ᠬᠤᠰᠢᠭᠤᠨ ᠳᠤ ᠢᠷᠡᠵᠦ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/20
    1 ᠰᠠᠷ᠎ᠠ ᠶᠢᠨ 17 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠮᠠᠨ ᠤ ᠬᠤᠰᠢᠭᠤᠨ ᠳᠤ ᠢᠷᠡᠵᠦ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠤᠷᠢᠳ ᠬᠤᠵᠢᠳ ᠬᠥᠳᠡᠯᠮᠦᠷᠢ ᠶᠢᠨ ᠵᠢᠱᠢᠶᠡᠴᠢ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ ᠶᠢᠨ ᠬᠡᠷ ᠪᠦᠯᠢ ᠪᠠ ᠨᠠᠰᠤᠲᠠᠨ ᠢ ᠠᠰᠠᠷᠠᠬᠤ ᠬᠦᠷᠢᠶᠡᠯᠡᠩ᠂ ᠬᠤᠰᠢᠭᠤᠨ ᠤ ᠶᠡᠷᠦᠩᠬᠡᠶ ᠡᠮᠨᠡᠯᠭᠡ ᠶᠢᠨ ᠬᠤᠷᠢᠶ᠎ᠠ᠂ ᠴᠠᠭᠠᠨ ᠰᠠᠷ᠎ᠠ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠢᠭᠡᠳᠦᠭᠡᠷ ᠹᠷᠣᠨᠲ ᠤᠨ  ᠨᠢᠭᠡᠴᠢ ᠳᠤ ᠬᠦᠷᠴᠦ ᠪᠣᠯᠭᠤᠭᠠᠨ ᠲᠣᠬᠤᠨᠢᠭᠤᠯᠤᠭᠰᠠᠨ ᠪᠥᠭᠡᠳ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠬᠠᠨ ᠰᠥᠩ ᠪᠠᠷ᠎ᠠ ᠪᠣᠯᠪᠠ᠃
   ᠬᠤᠲᠠ ᠶᠢᠨ ᠳᠡᠰ ᠤᠨ ᠬᠥᠳᠡᠯᠮᠦᠷᠢ ᠶᠢᠨ ᠵᠢᠱᠢᠶᠡᠴᠢ ᠯᠢ ᠲᠠᠩ ᠾᠦᠢ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠦᠯᠵᠡᠶᠢᠰᠠᠩ ᠤᠨ ᠭᠡᠷ ᠲᠤ᠂ ᠯᠢᠦᠶ ᠭᠦᠸᠧ ᠬᠤᠸᠠ ᠲᠡᠳᠡᠨ ᠲᠠᠢ ᠵᠣᠭᠤᠭᠳᠠᠵᠤ᠂ ᠠᠮᠢᠳᠤᠷᠠᠯ ᠤᠨ ᠪᠠᠶᠢᠳᠠᠯ ᠢ ᠠᠰᠠᠭᠤᠵᠤ᠂ ᠬᠥᠭᠵᠢᠯᠲᠡ ᠶᠢᠨ ᠲᠤᠬᠠᠢ ᠶᠠᠷᠢᠯᠴᠠᠪᠠ᠃ ᠯᠢᠦᠶ ᠭᠦᠸᠧ ᠬᠤᠸᠠ᠂ ᠬᠦᠷᠢᠶ᠎ᠡ ᠬᠤᠰᠢᠭᠤᠨ ᠤ ᠬᠥᠭᠵᠢᠯᠲᠡ ᠳᠠᠪᠰᠢᠯᠲᠠ ᠨᠢ ᠠᠬᠠᠮᠠᠳ ᠨᠥᠬᠦᠳ ᠤᠨ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠪᠠ ᠣᠶᠤᠨ ᠤᠬᠠᠭᠠᠨ ᠢ ᠨᠢᠭᠲᠠᠷᠠᠭᠤᠯᠵᠤ᠂ ᠲᠡᠳᠡᠨ ᠢ ᠢᠯᠡᠭᠦᠬᠡᠨ ᠠᠷᠭ᠎ᠠ ᠤᠬᠠᠭᠠᠨ ᠭᠠᠷᠭᠠᠵᠤ᠂ ᠬᠦᠷᠢᠶ᠎ᠡ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠵᠦ᠂ ᠦᠵᠡᠭᠦᠯᠪᠡᠰᠦ ᠵᠣᠬᠢᠬᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠢᠳᠡᠪᠬᠢᠲᠡᠶ ᠡᠷᠭᠦᠬᠦ ᠶᠢ ᠬᠦᠰᠡᠵᠦ ᠪᠠᠶᠢᠨ᠎ᠠ ᠭᠡᠵᠡᠶ᠃    ᠬᠤᠰᠢᠭᠤᠨ ᠤ ᠶᠡᠷᠦᠩᠬᠡᠶ ᠡᠮᠨᠡᠯᠭᠡ ᠶᠢᠨ ᠬᠤᠷᠢᠶᠠᠨ ᠳᠤ᠂ ᠪᠦᠯᠬᠦᠮ ᠪᠠᠶᠢᠭᠤᠯᠬᠤ ᠮᠠᠶ᠋ᠢᠭ ᠤᠨ ᠡᠮ ᠡᠮᠨᠡᠯᠭᠡ ᠶᠢᠨ ᠬᠠᠪᠰᠤᠷᠤᠨ ᠲᠡᠳᠬᠦᠬᠦ ᠲᠤᠰᠬᠠᠶ ᠮᠡᠷᠭᠡᠵᠢᠯᠲᠡᠨ ᠸᠠᠩ ᠱᠤ᠋ ᠪᠢ ᠶᠢ ᠪᠣᠯᠭᠤᠭᠠᠨ ᠲᠣᠬᠤᠨᠢᠭᠤᠯᠪᠠ᠃ ᠯᠢᠦᠶ ᠭᠦᠸᠧ ᠬᠤᠸᠠ ᠡᠮᠴᠢ ᠰᠤᠪᠢᠯᠠᠭᠴᠢᠳ ᠲᠠᠢ ᠳᠣᠲᠣᠨᠣ ᠪᠠᠷ ᠭᠠᠷ ᠠᠳᠬᠤᠭᠰᠠᠨ ᠪᠥᠭᠡᠳ ᠡᠮᠦᠨ᠎ᠡ ᠹᠷᠣᠨᠲ ᠤᠨ ᠡᠮᠴᠢ ᠰᠤᠪᠢᠯᠠᠭᠴᠢ ᠶᠢᠨ ᠣᠷᠳᠣ ᠬᠤᠭᠤᠴᠠᠭᠠᠨ ᠤ ᠲᠤᠷᠰᠢ ᠰᠢᠷᠭᠠᠭᠤ ᠬᠠᠲᠠᠭᠤᠵᠢᠯᠲᠠᠶ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠪᠠᠶᠠᠷ ᠤᠨ ᠡᠳᠦᠷ ᠤᠨ ᠬᠤᠭᠤᠴᠠᠭᠠᠨ ᠤ ᠵᠢᠵᠢᠭᠦᠷᠯᠡᠵᠦ ᠪᠠᠶᠢᠭ᠎ᠠ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠡᠮᠴᠢ ᠰᠤᠪᠢᠯᠠᠭᠴᠢ ᠶᠢᠨ ᠬᠦᠴᠦᠨ ᠢ ᠤᠯᠠᠮ ᠨᠢᠭᠡ ᠠᠯᠬᠤᠮ ᠴᠢᠩᠭ᠎ᠠ ᠲᠣᠬᠢᠷᠠᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ ᠠᠷᠠᠳ ᠣᠯᠠᠨ ᠳᠤ ᠨᠠᠩ ᠰᠠᠶᠢᠨ ᠡᠮᠴᠢᠯᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃    ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ ᠯᠢᠨ ᠵᠢᠩ ᠺᠦᠶ ᠶᠢᠨ ᠭᠡᠷ᠂ ᠬᠤᠰᠢᠭᠤᠨ ᠤ ᠭᠤᠣᠯ ᠨᠠᠰᠤᠲᠠᠨ ᠢ ᠠᠰᠠᠷᠠᠬᠤ ᠬᠦᠷᠢᠶᠡᠯᠡᠩ ᠳᠤ᠂ ᠯᠢᠦᠶ ᠭᠦᠸᠧ ᠬᠤᠸᠠ ᠬᠦᠷᠢᠶᠡᠯᠡᠩ ᠤᠨ  ᠨᠠᠰᠤᠲᠠᠨ ᠤ ᠠᠮᠢᠳᠤᠷᠠᠯ᠂ ᠢᠳᠡᠭᠡᠨ ᠤᠮᠳᠠᠭᠠᠨ᠂ ᠰᠤᠪᠢᠯᠠᠯᠲᠠ ᠪᠠ ᠨᠠᠰᠤᠲᠠᠨ ᠢ ᠠᠰᠠᠷᠠᠬᠤ ᠬᠦᠷᠢᠶᠡᠯᠡᠩ ᠤᠨ ᠡᠳᠦᠷ ᠲᠤᠲᠤᠮ ᠤᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠢ ᠪᠠᠶᠠᠰᠤᠩᠭᠤᠶ ᠥᠭᠡᠳᠡᠷᠬᠡᠭ ᠣᠪᠣᠷ ᠲᠠᠢ ᠪᠠᠶᠢᠬᠤ ᠶᠢ ᠵᠣᠷᠢᠭᠵᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠣᠯᠠᠨ ᠲᠦᠮᠡᠨ ᠤ ᠬᠠᠯᠠᠭᠤᠨ ᠳᠤᠯᠠᠭᠠᠨ ᠢ ᠴᠠᠭ ᠢᠮᠠᠭᠲᠠ ᠰᠡᠳᠬᠢᠯ ᠳᠡᠭᠡᠨ ᠪᠣᠳᠣᠵᠤ᠂ ᠠᠷᠭ᠎ᠠ ᠪᠦᠬᠦᠨ ᠢ ᠰᠦᠪᠡᠭᠴᠢᠯᠡᠨ ᠣᠯᠠᠨ ᠲᠦᠮᠡᠨ ᠤ ᠲᠤᠯᠭᠠᠷᠠᠭᠰᠠᠨ ᠪᠣᠳᠠᠲᠠᠶ ᠬᠦᠴᠢᠷᠳᠡᠯ ᠢ ᠰᠢᠢᠳᠪᠦᠷᠢᠯᠡᠬᠦ ᠬᠡᠷᠡᠭᠲᠡᠶ ᠭᠡᠵᠦ ᠵᠠᠬᠢᠪᠠ᠃    ᠬᠦᠷᠢᠶ᠎ᠡ ᠬᠤᠰᠢᠭᠤᠨ ᠤ ᠹᠦ᠋ ᠲᠠᠢ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠳᠤ᠂ ᠯᠢᠦᠢ ᠭᠦᠸᠧ ᠬᠤᠸᠠ ᠣᠳᠣᠬᠠᠨ ᠤ ᠢᠯᠴᠢ ᠬᠠᠩᠭᠠᠬᠤ ᠠᠵᠢᠯ ᠢ ᠨᠤᠲᠠᠯᠠᠬᠤ ᠶᠢᠨ ᠬᠠᠮᠲᠤ᠂ ᠢᠯᠴᠢ ᠶᠢᠨ ᠲᠣᠣᠷ ᠤᠨ ᠰᠢᠰᠲ᠋ᠧᠮ ᠤᠨ ᠲᠣᠬᠢᠷᠠᠭᠤᠯᠤᠯ ᠡᠵᠡᠮᠳᠡᠯ ᠢ ᠴᠢᠨᠠᠭᠰᠢᠳᠠ ᠴᠢᠩᠭᠠᠳᠬᠠᠵᠤ᠂ ᠲᠥᠬᠦᠭᠡᠷᠦᠮᠵᠢ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠢᠯᠴᠢ ᠬᠠᠩᠭᠠᠬᠤ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ︔ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠷᠠᠳ ᠣᠯᠠᠨ ᠤ ᠢᠯᠴᠢ ᠬᠡᠷᠡᠭᠯᠡᠬᠦ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠪᠥᠬᠦ ᠬᠤᠰᠢᠭᠤᠨ ᠤ ᠠᠷᠠᠳ ᠲᠦᠮᠡᠨ ᠤ ᠳᠤᠯᠠᠭᠠᠨ ᠪᠦᠯᠢᠶᠡᠨ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号