ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/20
    1 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠪᠠ᠃ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠧᠦ ᠯᠢᠶᠠᠩ ᠶᠤᠸᠠᠨ ᠡᠷᠬᠢᠯᠡᠪᠡ᠃    ᠲᠣᠰ ᠤᠳᠠᠭᠠᠨ ᠤ ᠬᠠᠮᠲᠤ ᠶᠢᠨ ᠰᠤᠷᠤᠯᠴᠠᠯᠭ᠎ᠠ ᠨᠢ ᠰᠤᠳᠤᠯᠤᠨ ᠶᠠᠷᠢᠯᠴᠠᠵᠤ ᠰᠣᠯᠢᠯᠴᠠᠬᠤ ᠬᠡᠯᠪᠡᠷᠢ ᠪᠠᠷ ᠶᠠᠪᠤᠭᠳᠠᠪᠠ᠃ ᠯᠢ ᠶᠦᠨ ᠫᠧᠩ᠂ ᠢᠦᠢ ᠮᠢᠩ ᠮᠢᠩ᠂ ᠵᠢᠢ ᠱᠤᠸᠠᠩ ᠯᠢ᠂ ᠰᠦᠨ ᠵᠢᠶᠠᠩ ᠲᠤᠤ ᠭᠤᠣᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠬᠤᠷᠠᠯ ᠠᠴᠠ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠨᠠᠮ ᠤᠨ ᠴᠡᠷᠢᠭ ᠤᠨ ᠶᠠᠪᠤᠳᠠᠯ ᠤᠨ ᠵᠢᠯᠣᠭᠤᠳᠬᠤ ᠤᠨᠤᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ ᠬᠦᠴᠦᠷᠬᠡᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠠᠵᠢᠯᠯᠠᠭᠠᠨ ᠤ ᠬᠥᠲᠥᠯᠪᠦᠷᠢ ᠮᠥᠨ᠃ ᠪᠥᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠢ ᠭᠦᠨᠵᠡᠭᠡᠶ ᠡᠵᠡᠮᠰᠢᠵᠦ᠂ ︽ᠬᠤᠶᠠᠷ ᠶᠡᠭᠡ ᠲᠠᠯ᠎ᠠ︾ ᠶᠢ ᠨᠢᠭᠡᠳᠦᠯᠲᠡᠶ ᠲᠥᠯᠥᠪᠯᠡᠬᠦ ᠳᠤᠮᠳᠠ ᠠᠴᠠ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠵᠦ ᠴᠡᠷᠢᠭ ᠢ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠡᠵᠡᠮᠳᠡᠵᠦ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭᠠᠨ ᠤ ᠭᠤᠤᠯ ᠴᠢᠬᠤᠯᠠ ᠠᠭᠤᠯᠭ᠎ᠠ ᠵᠢᠴᠢ ᠠᠭᠤᠯᠤᠭᠳᠠᠵᠤ ᠪᠠᠶᠢᠭ᠎ᠠ ᠣᠲᠣ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠤᠨ ᠴᠡᠷᠢᠭ ᠤᠨ ᠶᠠᠪᠤᠳᠠᠯ ᠤᠨ ᠦᠵᠡᠯᠲᠡ ᠪᠣᠯᠤᠨ ᠠᠷᠭ᠎ᠠ ᠶᠢᠨ ᠤᠨᠤᠯ ᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠬᠤ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠪᠠᠷ ᠡᠭᠦᠷᠭᠡᠯᠡᠵᠦ᠂ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠳᠤ ᠲᠡᠶᠢᠨ ᠳᠤ ᠪᠡᠯᠡᠳᠬᠡᠬᠦ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠠᠶᠢᠭᠤᠯᠤᠯᠲᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠵᠦ᠂ ᠬᠦᠷᠢᠶ᠎ᠡ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠶᠢᠭᠤᠯᠤᠯᠲᠠ ᠪᠣᠯᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号