ᠬᠦᠷᠢᠶ᠎ᠡ ᠬᠤᠰᠢᠭᠤ ᠰᠠᠶᠢᠨ ᠳᠤᠷ᠎ᠠ ᠶᠢᠨ ᠦᠢᠯᠡᠴᠢᠯᠡᠭᠡ ᠶᠢ ᠤᠨᠢᠨ ᠳᠡᠭᠡᠷ᠎ᠡ ᠨᠢ ᠥᠷᠨᠢᠭᠦᠯᠵᠦ ᠬᠠᠶᠢᠷ᠎ᠠ ᠬᠠᠯᠠᠮᠵᠢ ᠶᠢ ᠭᠠᠵᠠᠷ ᠪᠣᠯᠭᠠᠨ ᠳᠤ ᠳᠠᠮᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/1/21
    ᠤᠯᠠᠨ ᠵᠢᠯ ᠤᠨ ᠲᠤᠷᠰᠢ᠂ ᠬᠦᠷᠢᠶ᠎ᠡ ᠬᠤᠰᠢᠭᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠴᠢᠬᠤᠯᠠ ᠠᠴᠢᠶᠠᠯᠠᠪᠤᠷᠢ ᠪᠤᠯᠭᠠᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠦᠴᠦᠨ ᠤ ᠡᠬᠢ ᠪᠠᠶᠠᠯᠢᠭ ᠢ ᠨᠡᠶᠢᠳᠬᠡᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠤᠨᠢᠨ ᠳᠡᠭᠡᠷ᠎ᠡ ᠨᠢ ᠥᠷᠨᠢᠭᠦᠯᠵᠦ᠂ ᠬᠠᠶᠢᠷ᠎ᠠ ᠬᠠᠯᠠᠮᠵᠢ ᠶᠢ ᠭᠠᠵᠠᠷ ᠪᠣᠯᠭᠠᠨ ᠳᠤ ᠳᠠᠮᠵᠢᠭᠤᠯᠵᠠᠢ᠃    ᠣᠶᠢᠷ᠎ᠠ ᠳᠤ᠂ ᠱᠠᠨ ᠱᠦᠢ ᠷᠧᠨ ᠵᠢᠶᠠ ᠨᠡᠶᠢᠭᠡᠮ ᠲᠣᠭᠤᠷᠢᠭ ᠤᠨ ᠠᠵᠢᠯᠲᠠᠨ ᠪᠠ ᠨᠡᠶᠢᠭᠡᠮ ᠲᠣᠭᠤᠷᠢᠭ ᠤᠨ ᠰᠠᠶᠢᠨ ᠳᠤᠷᠠᠴᠤᠤᠯ ᠪᠣᠯᠵᠤᠭ᠎ᠠ ᠶᠣᠰᠣᠭᠠᠷ ᠸᠠᠩ ᠬᠤᠸᠠ ᠯᠠᠨ ᠨᠠᠰᠤᠲᠠᠨ ᠤ ᠭᠡᠷ ᠲᠤ ᠬᠦᠷᠴᠦ ᠢᠷᠡᠪᠡ᠂ ᠨᠠᠰᠤᠲᠠᠨ ᠮᠡᠰᠡ ᠵᠠᠰᠠᠯ ᠬᠢᠭᠰᠡᠨ ᠤ ᠳᠠᠷᠠᠭ᠎ᠠ ᠬᠥᠳᠡᠯᠵᠦ ᠪᠠᠷᠢᠬᠤ ᠳᠤ ᠳᠥᠭᠦᠮ ᠦᠭᠡᠢ ᠤᠴᠢᠷ ᠠᠴᠠ ᠨᠢᠭᠡᠨᠲᠡ ᠬᠤᠶᠠᠷ ᠵᠢᠯ ᠭᠡᠷ ᠠᠴᠠ ᠪᠠᠨ ᠭᠠᠷᠤᠭᠰᠠᠨ ᠦᠭᠡᠢ᠃ ᠰᠠᠶᠢᠨ ᠳᠤᠷᠠᠴᠤᠤᠯ ᠲᠤᠰᠬᠠᠢ ᠮᠡᠷᠭᠡᠵᠢᠯ ᠤᠨ ᠦᠰᠦ ᠵᠠᠰᠠᠬᠤ ᠪᠠᠭᠠᠵᠢ ᠪᠠᠨ ᠠᠪᠴᠤ ᠨᠠᠰᠤᠲᠠᠨ ᠤ ᠭᠡᠷ ᠲᠤ ᠬᠦᠷᠴᠦ ᠦᠨ᠎ᠡ ᠲᠥᠯᠥᠪᠦᠷᠢ ᠦᠭᠡᠢ ᠪᠠᠷ ᠦᠰᠦ ᠭᠡᠵᠢᠭᠡ ᠶᠢ ᠨᠢ ᠵᠠᠰᠠᠵᠤ ᠥᠭᠴᠦ᠂ ᠨᠠᠰᠤᠲᠠᠨ ᠤ ᠠᠮᠢᠳᠤᠷᠠᠯ ᠳᠤ ᠬᠠᠯᠠᠭᠤᠨ ᠳᠤᠯᠠᠭᠠᠨ ᠪᠠ ᠪᠠᠶᠠᠷ ᠪᠠᠶᠠᠰᠤᠯ ᠢ ᠠᠪᠴᠢᠷᠠᠵᠠᠢ᠃ 2024 ᠣᠨ ᠠᠴᠠ ᠡᠬᠢᠯᠡᠨ᠂ ᠱᠠᠨ ᠱᠦᠢ ᠷᠧᠨ ᠵᠢᠶᠠ ᠨᠡᠶᠢᠭᠡᠮ ᠲᠣᠭᠤᠷᠢᠭ ᠤᠨ ᠬᠢᠨ ᠰᠠᠷ᠎ᠠ ᠪᠦᠷᠢ ᠶᠢᠨ 10 ᠤ ᠡᠳᠦᠷ ᠪᠣᠯᠣᠨ 20 ᠤ ᠡᠳᠦᠷ ᠢ ᠵᠢᠷᠤᠮ ᠤᠨ ᠦᠰᠦ ᠵᠠᠰᠠᠬᠤ ᠡᠳᠦᠷ ᠢᠶᠠᠷ ᠲᠣᠭᠲᠠᠭᠠᠵᠤ᠂ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠵᠤ ᠬᠡᠷᠡᠭᠴᠡᠭᠡ ᠲᠠᠢ ᠨᠠᠰᠤᠲᠠᠶᠢᠴᠤᠳ ᠲᠤ ᠵᠢᠷᠤᠮ ᠤᠨ ᠦᠰᠦ ᠵᠠᠰᠠᠬᠤ ᠦᠢᠯᠡᠴᠢᠯᠡᠭᠡ ᠬᠠᠩᠭᠠᠪᠠ᠃ ︽ᠮᠢᠨᠤ ᠡᠵᠢ ᠬᠥᠳᠡᠯᠵᠦ ᠪᠠᠷᠢᠬᠤ ᠳᠤ ᠳᠥᠭᠦᠮ ᠦᠭᠡᠢ᠂ ᠨᠡᠶᠢᠭᠡᠮ ᠲᠣᠭᠤᠷᠢᠭ ᠤᠨ ᠠᠵᠢᠯᠲᠠᠳ ᠪᠣᠯᠣᠨ ᠰᠠᠶᠢᠨ ᠳᠤᠷᠠᠴᠤᠤᠯ ᠦᠷᠭᠦᠯᠵᠢ ᠭᠡᠷ ᠲᠤ ᠢᠷᠡᠵᠤ ᠬᠠᠪᠰᠤᠷᠤᠯᠭ᠎ᠠ ᠦᠵᠡᠭᠦᠯᠳᠡᠭ᠂ ᠡᠶᠢᠮᠦ ᠨᠡᠶᠢᠭᠡᠮ ᠲᠣᠭᠤᠷᠢᠭ ᠲᠤ ᠠᠮᠢᠳᠤᠷᠠᠬᠤ ᠨᠢ ᠮᠠᠰᠢ ᠵᠣᠯ ᠵᠢᠷᠭᠠᠯ ᠲᠠᠢ︾ ᠭᠡᠵᠦ ᠸᠠᠩ ᠬᠤᠸᠠ ᠯᠠᠨ ᠨᠠᠰᠤᠲᠠᠨ ᠤ ᠥᠬᠢᠨ ᠸᠠᠩ ᠰᠦ᠋ ᠹᠧᠨ ᠶᠠᠷᠢᠨ᠎ᠠ᠃    ᠤᠯᠠᠨ ᠵᠢᠯ ᠤᠨ ᠲᠤᠷᠰᠢ᠂ ᠱᠠᠨ ᠱᠦᠢ ᠷᠧᠨ ᠵᠢᠶᠠ ᠨᠡᠶᠢᠭᠡᠮ ᠲᠣᠭᠤᠷᠢᠭ ᠤᠨ ᠬᠢᠨ ᠬᠠᠮᠲᠤ ᠪᠠᠷ ᠪᠠᠶᠢᠭᠤᠯᠭ᠎ᠠ ᠨᠢᠭᠡᠴᠢ᠂ ᠠᠳᠠᠯ ᠠᠬᠤᠢ ᠶᠢᠨ ᠠᠵᠤ ᠠᠬᠤᠶᠢᠯᠠᠯ᠂ ᠬᠠᠶᠢᠷ᠎ᠠ ᠬᠠᠯᠠᠮᠵᠢ ᠬᠠᠨᠳᠢᠪᠯᠡᠬᠤ ᠬᠥᠮᠥᠰ᠂ ᠺᠠᠳ᠋ᠷ ᠠᠵᠢᠯᠲᠠᠨ ᠵᠡᠷᠭᠡ ᠲᠦᠷᠪᠡᠨ ᠲᠠᠯ᠎ᠠ ᠶᠢᠨ ᠬᠦᠴᠦᠨ ᠢ ᠨᠢᠭᠲᠠᠷᠠᠭᠤᠯᠵᠤ᠂ 8 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠦᠰᠢᠭᠯᠡᠨ᠂ ᠠᠮᠢᠳᠤᠷᠠᠯ ᠬᠦᠴᠢᠷᠳᠡᠯᠲᠡᠢ ᠭᠡᠷ ᠪᠦᠯᠢ ᠲᠠᠢ ᠬᠤᠣᠰᠯᠠᠵᠤ᠂ ᠡᠷᠡᠭᠦᠯ ᠮᠡᠨᠳᠦ ᠶᠢᠨ ᠲᠤᠬᠠᠢ ᠤᠬᠠᠭᠤᠯᠭ᠎ᠠ ᠲᠠᠶᠢᠯᠤᠮᠵᠢ᠂ ᠠᠮᠢᠳᠤᠷᠠᠯ ᠢ ᠨᠢ ᠬᠠᠷᠠᠭᠠᠯᠵᠠᠬᠤ ᠵᠡᠷᠭᠡ ᠦᠢᠯᠡᠴᠢᠯᠡᠭᠡ ᠬᠠᠩᠭᠠᠵᠤ᠂ ︽ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠰᠢᠭᠤᠳ ᠨᠡᠪᠲᠡᠷᠡᠬᠦ ᠲᠡᠷᠭᠡ︾ ᠶᠢ ᠪᠠᠶᠢᠭᠤᠯᠵᠤ᠂ ᠬᠦᠴᠢᠷᠳᠡᠯ ᠠᠴᠠ ᠠᠩᠭᠢᠵᠢᠷᠠᠭᠤᠯᠵᠤ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠠᠢ᠃ ︽ᠨᠢᠳᠤᠨᠤᠨ ᠨᠡᠶᠢᠭᠡᠮ ᠲᠣᠭᠤᠷᠢᠭ ᠲᠤ ᠨᠡᠶᠢᠲᠡ 24 ᠬᠤᠭᠤᠴᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠭᠰᠡᠨ ᠶᠤᠮ᠂ ᠳᠠᠷᠠᠭᠠᠴᠢ ᠶᠢᠨ ᠠᠯᠬᠤᠮ ᠳᠤ ᠪᠢᠳᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠡᠩ ᠣᠯᠠᠨ ᠬᠥᠮᠥᠨ ᠢ ᠤᠷᠢᠶᠠᠯᠠᠨ ᠣᠷᠣᠯᠴᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠠᠮᠢᠳᠤᠯᠢᠭ ᠰᠠᠶᠢᠬᠠᠨ ᠬᠢᠵᠦ᠂ ᠬᠠᠷᠢᠶ᠎ᠠ ᠣᠷᠣᠨ ᠤ ᠤᠯᠠᠨ ᠲᠦᠮᠡᠨ ᠤ ᠬᠦᠴᠢᠷᠳᠡᠯ ᠢ ᠦᠨᠡᠨ ᠬᠦ ᠰᠢᠢᠳᠪᠦᠷᠢᠯᠡᠨ᠎ᠡ︾ ᠭᠡᠵᠦ ᠱᠠᠨ ᠱᠦᠢ ᠷᠧᠨ ᠵᠢᠶᠠ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠤᠤ ᠴᠢᠦᠸᠠᠨ ᠶᠠᠷᠢᠨ᠎ᠠ᠃    ︽ᠠᠮᠲᠠ ᠲᠠᠢ ᠦᠦ︖ ᠢᠯᠡᠭᠦᠬᠡᠨ ᠢᠳᠡᠭᠡᠷᠡᠢ︾ ᠭᠡᠵᠦ ᠬᠦᠷᠢᠶ᠎ᠡ ᠪᠠᠯᠭᠠᠰᠤᠨ ᠤ ᠮᠠ ᠵᠢᠶᠠ ᠸᠠᠽᠢ ᠲᠣᠰᠬᠤᠨ ᠤ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠳᠤ᠂ ᠨᠠᠰᠤᠲᠠᠶᠢᠴᠤᠳ ᠰᠢᠷᠡᠭᠡ ᠲᠣᠭᠤᠷᠢᠨ ᠰᠠᠭᠤᠵᠤ᠂ ᠬᠠᠯᠠᠭᠤᠨ ᠠᠭᠤᠷ ᠪᠠᠭᠠᠭᠢᠭᠰᠠᠨ ᠪᠠᠩᠰᠢ ᠶᠢ ᠨᠢᠭᠡᠨ ᠨᠢᠭᠡᠨ ᠳᠡᠭᠡᠨ ᠰᠠᠪᠬᠠᠯᠠᠵᠤ ᠥᠭᠴᠦ ᠠᠮᠲᠠᠷᠬᠠᠨ ᠢᠳᠡᠨ᠎ᠡ᠃ ᠥᠩᠭᠡᠷᠡᠭᠰᠡᠨ ᠬᠤᠶᠠᠷ ᠵᠢᠯ ᠭᠠᠷᠤᠢ ᠶᠢᠨ ᠬᠤᠭᠤᠴᠠᠭᠠᠨ ᠳᠤ᠂ ᠡᠶᠢᠮᠦᠷᠬᠦᠦ ᠭᠦᠷ ᠨᠠᠷᠭᠢᠶᠠᠨ ᠲᠠᠢ ᠪᠠᠶᠢᠳᠠᠯ ᠡᠳᠦᠷ ᠪᠦᠷᠢ ᠢᠯᠡᠷᠡᠵᠦ ᠪᠠᠶᠢᠯ᠎ᠠ᠃ ᠮᠠ ᠵᠢᠶᠠ ᠸᠠᠽᠢ ᠲᠣᠰᠬᠤᠨ ᠤ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠳᠤ ᠨᠠᠰᠤᠲᠠᠶᠢᠴᠤᠳ ᠤᠨ ᠬᠤᠭᠤᠯᠠᠨ ᠭᠡᠷ᠂ ᠰᠡᠯᠡᠭᠦᠴᠡᠯ ᠵᠤᠭ᠎ᠠ ᠴᠡᠩᠭᠡᠯ ᠤᠨ ᠲᠣᠭᠤᠷᠢᠭ᠂ ᠠᠮᠠᠷᠠᠯᠲᠠ ᠶᠢᠨ ᠲᠣᠭᠤᠷᠢᠭ ᠪᠠ ᠤᠬᠢᠶᠠᠯᠭ᠎ᠠ ᠶᠢᠨ ᠲᠠᠰᠤᠭ ᠭᠠᠷᠭᠠᠵᠤ᠂ ᠲᠣᠰ ᠲᠣᠰᠬᠤᠨ ᠵᠢᠴᠢ ᠡᠷᠭᠢᠨ ᠲᠣᠭᠤᠷᠢᠨ ᠤ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠡᠳᠦᠷ ᠲᠤᠲᠤᠮ ᠤᠨ ᠬᠠᠷᠠᠭᠠᠯᠵᠠᠯ ᠪᠠ ᠬᠤᠭᠤᠯᠠ ᠬᠦᠷᠭᠡᠬᠦ ᠦᠢᠯᠡᠴᠢᠯᠡᠭᠡ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ᠭᠤᠣᠨᠢ ᠨᠠᠰᠤᠲᠠᠨ ᠪᠠ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠤᠨ ᠬᠤᠭᠤᠯᠠ ᠢᠳᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠪᠡ᠃ ︽ᠴᠠᠭ ᠪᠣᠯᠭᠠᠨ ᠳᠤ ᠴᠥᠮ ᠳᠥᠷᠪᠡᠨ ᠵᠠᠭᠤᠰᠢ ᠲᠠᠢ᠂ ᠪᠠᠰᠠ ᠦᠷᠭᠦᠯᠵᠢ ᠪᠢᠳᠡᠨ ᠳᠤ ᠪᠠᠩᠰᠢ ᠪᠠᠷᠢᠵᠤ ᠥᠭᠲᠡᠭ᠂ ᠡᠩ ᠤᠨ ᠴᠠᠭ ᠲᠤ ᠤᠴᠢᠷ ᠦᠭᠡᠢ ᠦᠶ᠎ᠡ ᠳᠤ ᠣᠯᠠᠨ ᠢᠶᠠᠷ ᠢᠶᠠᠨ ᠬᠠᠮᠲᠤ ᠳᠠᠭᠠᠨ ᠬᠥᠵᠥᠷ ᠨᠠᠭᠠᠳᠴᠤ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠳᠠᠭ᠂ ᠦᠨᠡᠬᠡᠷ ᠭᠦᠷ ᠬᠥᠭᠵᠢᠶᠡᠨ ᠲᠠᠢ᠂ ᠥᠲᠡᠯᠦᠭᠡ ᠨᠠᠰᠤᠨ ᠤ ᠠᠮᠢᠳᠤᠷᠠᠯ ᠭᠠᠭᠴᠠᠭᠠᠷᠳᠠᠬᠤ ᠪᠠᠨ ᠪᠣᠯᠢᠵᠤ᠂ ᠣᠯᠠᠨ ᠢᠶᠠᠷ ᠢᠶᠠᠨ ᠴᠥᠮ ᠪᠠᠶᠠᠷ ᠪᠠᠶᠠᠰᠤᠯ ᠲᠠᠢ ᠪᠠᠶᠢᠨ᠎ᠠ︾ ᠭᠡᠵᠦ ᠯᠢᠦ ᡁᠢ ᠠᠨ ᠨᠠᠰᠤᠲᠠᠨ ᠪᠠᠶᠠᠷᠲᠠᠢ ᠶᠠᠷᠢᠨ᠎ᠠ᠃    ᠮᠠ ᠵᠢᠶᠠ ᠸᠠᠽᠢ ᠲᠣᠰᠬᠤᠨ ᠤ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠪᠣᠯ ᠬᠦᠷᠢᠶ᠎ᠡ ᠪᠠᠯᠭᠠᠰᠤᠨ ᠤ ︽ᠠᠷᠪᠠᠨ ᠬᠤᠶᠠᠷ ᠴᠠᠭ ᠢᠶᠠᠷ ᠪᠦᠬᠦᠯᠢ 60 ᠨᠠᠰᠤᠨ  ᠠᠴᠠ ᠳᠡᠭᠡᠭᠰᠢᠬᠢ ᠨᠠᠰᠤᠲᠠᠨ ᠢ ᠰᠠᠬᠢᠨ ᠬᠠᠮᠠᠭᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ 2024 ᠣᠨ ᠳᠤ᠂ ᠲᠣᠰ ᠪᠠᠯᠭᠠᠰᠤ 24 ᠴᠠᠭ ᠤᠨ ᠲᠥᠯᠦᠪᠵᠢᠭᠦᠯᠭᠡ ᠶᠢᠨ ᠠᠷᠭ᠎ᠠ ᠶᠢ ᠰᠢᠨ᠎ᠡ ᠶᠢ ᠡᠭᠦᠳᠦᠨ ᠬᠡᠷᠡᠭᠯᠡᠵᠦ᠂ ᠬᠠᠷᠢᠶ᠎ᠠ ᠣᠷᠣᠨ ᠤ ᠪᠦᠬᠦᠯᠢ 60 ᠨᠠᠰᠤᠨ  ᠠᠴᠠ ᠳᠡᠭᠡᠭᠰᠢᠬᠢ ᠨᠠᠰᠤᠲᠠᠶᠢᠴᠤᠳ ᠲᠤ ᠪᠦᠬᠦᠯᠢ ᠡᠳᠦᠷ ᠤᠨ ᠠᠮᠢᠳᠤᠷᠠᠯ ᠤᠨ ᠲᠥᠯᠥᠪᠯᠡᠭᠡ ᠶᠢ ᠨᠢ ᠲᠤᠰ ᠲᠤᠰ  ᠲᠤᠨᠢ ᠲᠣᠭᠲᠠᠭᠠᠵᠤ ᠥᠭᠭᠦᠭᠰᠡᠨ ᠪᠥᠭᠡᠳ ᠪᠡᠶ᠎ᠡ ᠤᠬᠢᠶᠠᠬᠤ᠂ ᠠᠷᠢᠭᠤᠨ ᠴᠡᠪᠡᠷᠯᠡᠭᠡ᠂ ᠡᠮᠴᠢᠯᠡᠭᠡ᠂ ᠪᠠᠷᠠᠭ᠎ᠠ ᠬᠤᠳᠠᠯᠳᠤᠨ ᠠᠪᠬᠤ᠂ ᠬᠤᠭᠤᠯᠠ ᠤᠮᠳᠠ ᠵᠡᠷᠭᠡ ᠶᠢ ᠲᠤᠰᠠᠯᠠᠬᠤ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠲᠤ ᠰᠡᠳᠬᠢᠯ ᠲᠠᠯᠪᠢᠨ ᠦᠨᠡᠨ ᠰᠡᠳᠬᠢᠯ ᠠᠴᠠ ᠪᠠᠨ ᠦᠢᠯᠡᠴᠢᠯᠡᠨ᠂ ᠨᠠᠰᠤᠲᠠᠶᠢᠴᠤᠳ ᠲᠤ ᠬᠠᠯᠠᠭᠤᠨ ᠳᠤᠯᠠᠭᠠᠨ ᠬᠦᠷᠭᠡᠭᠰᠡᠨ ᠪᠠᠶᠢᠨ᠎ᠠ᠃ ︽ᠬᠦᠷᠢᠶ᠎ᠡ ᠪᠠᠯᠭᠠᠰᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︿ᠠᠷᠪᠠᠨ ᠬᠤᠶᠠᠷ ᠴᠠᠭ ᠢᠶᠠᠷ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠨ ᠢ ᠰᠠᠬᠢᠨ ᠬᠠᠮᠠᠭᠠᠯᠠᠬᠤ﹀ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢᠶᠠᠷ ᠥᠯᠢᠭᠡᠷ ᠳᠠᠭᠤᠷᠢᠶᠠᠯ ᠪᠤᠯᠭᠠᠵᠤ᠂ ᠡᠷᠭᠢᠨ ᠲᠣᠭᠤᠷᠢᠨ ᠤ ᠲᠣᠰᠬᠤᠨ ᠢ ᠨᠥᠯᠥᠭᠡᠯᠡᠨ ᠲᠠᠶᠢᠴᠢᠯᠠᠪᠠ᠂ ᠲᠠᠷᠠᠭᠠᠴᠢ ᠶᠢᠨ ᠠᠯᠬᠤᠮ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠨᠠᠷᠢᠯᠢᠭ ᠣᠨᠣᠴᠠᠲᠠᠢ ᠦᠢᠯᠡᠴᠢᠯᠡᠬᠦ᠂ ᠣᠯᠠᠨ ᠶᠠᠩᠵᠤ ᠶᠢᠨ ᠪᠥᠭᠡᠳ ᠪᠦᠭᠦ ᠲᠠᠯ᠎ᠠ ᠶᠢᠨ ᠨᠠᠰᠤᠵᠢᠯ ᠤᠨ ᠠᠰᠠᠷᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠡᠭᠦᠳᠦᠨ᠎ᠡ︾ ᠭᠡᠵᠦ ᠬᠦᠷᠢᠶ᠎ᠡ ᠪᠠᠯᠭᠠᠰᠤᠨ ᠤ ᠤᠬᠠᠭᠤᠯᠬᠤ ᠠᠵᠢᠯᠲᠠᠨ ᠯᠢ ᠲᠦᠩ ᠶᠠᠷᠢᠨ᠎ᠠ᠃    ᠣᠯᠠᠨ ᠵᠢᠯ ᠤᠨ ᠲᠤᠷᠰᠢ᠂ ᠬᠦᠷᠢᠶ᠎ᠡ ᠬᠤᠰᠢᠭᠤᠨ ᠤ 604 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ 2 ᠲᠦᠮᠡ ᠭᠠᠷᠤᠢ ᠰᠠᠶᠢᠨ ᠳᠤᠷᠠᠴᠤᠤᠯ ᠪᠦᠭᠦ ᠬᠤᠰᠢᠭᠤᠨ ᠤ ᠡᠯ᠎ᠡ ᠭᠠᠵᠠᠷ ᠢᠶᠠᠷ ᠠᠵᠢᠯᠯᠠᠵᠤ᠂ ᠵᠢᠯ ᠪᠦᠷᠢ ᠳᠤᠮᠳᠠᠴᠢ ᠪᠠᠷ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 4000 ᠭᠠᠷᠤᠢ ᠤᠳᠠᠭ᠎ᠠ ᠥᠷᠨᠢᠭᠦᠯᠵᠦ ᠪᠠᠶᠢᠨ᠎ᠠ᠃ ᠲᠡᠳᠡ ᠪᠣᠯᠪᠠᠰᠤᠨ ᠤ ᠦᠢᠯᠡᠳᠦᠯᠭᠡ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠠᠷᠭ᠎ᠠ ᠵᠠᠮ ᠢ ᠰᠦᠪᠡᠭᠴᠢᠯᠡᠵᠦ᠂ ᠬᠦᠴᠢᠷᠳᠡᠯᠲᠡᠢ ᠤᠯᠠᠨ ᠲᠦᠮᠡᠨ ᠳᠤ ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ ᠢ ᠬᠦᠷᠭᠡᠪᠡ᠃    ︽ᠲᠠᠷᠠᠭᠠᠴᠢ ᠶᠢᠨ ᠠᠯᠬᠤᠮ ᠳᠤ᠂ ᠪᠢᠳᠡ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠬᠦᠴᠦ ᠣᠷᠣᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠬᠤ᠂ ᠤᠷᠲᠤ ᠬᠤᠭᠤᠴᠠᠭᠠᠲᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠢᠯᠡᠴᠢᠯᠡᠭᠡ ᠶᠢ ᠦᠨᠡᠨ ᠬᠦ ᠣᠯᠠᠨ ᠲᠦᠮᠡᠨ ᠳᠤ ᠣᠶᠢᠷᠠᠲᠤᠭᠤᠯᠵᠤ᠂ ᠣᠯᠠᠨ ᠲᠦᠮᠡᠨ ᠳᠤ ᠳᠥᠭᠦᠮ ᠦᠵᠡᠭᠦᠯᠵᠦ᠂ ᠰᠠᠶᠢᠨ ᠰᠠᠶᠢᠬᠠᠨ ᠠᠮᠢᠳᠤᠷᠠᠯ ᠢ ᠡᠭᠦᠳᠬᠦ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠦᠷᠢᠶ᠎ᠡ ᠬᠤᠰᠢᠭᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠬᠡᠯᠲᠡᠰ ᠤᠨ ᠳᠠᠷᠤᠭ᠎ᠠ ᠬᠠᠨ ᠶᠠᠨ ᠵᠢᠩ ᠶᠠᠷᠢᠵᠤ ᠪᠠᠶᠢᠯ᠎ᠠ᠃                             ︵ᠮᠡᠷᠭᠡᠵᠢᠯ   ᠵᠢᠶᠠᠩ ᠮᠧᠢ ᠨᠠ︶
 
ᠢᠷᠡᠯᠲᠡ᠄ ᠲᠥᠩᠯᠢᠶᠤᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号