ᠡᠦ ᠲᠤᠤ ᠬᠦᠷᠢᠶ᠎ᠡ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2025/1/22
    1 ᠰᠠᠷ᠎ᠠ ᠶᠢᠨ 21 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠡᠤ ᠲᠤᠤ ᠬᠦᠷᠢᠶ᠎ᠡ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠲᠥᠷᠥᠯ ᠵᠦᠢᠯ ᠳᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠬᠢᠭᠰᠡᠨ ᠪᠥᠭᠡᠳ ᠠᠵᠤ ᠠᠬᠤᠶᠢᠯᠠᠯ ᠤᠨ ᠬᠠᠮᠢᠶ᠎ᠠ ᠪᠥᠬᠦᠶ ᠠᠵᠢᠯᠲᠠᠨ ᠢ ᠲᠣᠬᠤᠨᠢᠭᠤᠯᠪᠠ᠃ ᠪᠠᠶᠢᠴᠠᠭᠠᠬᠤ ᠶᠠᠪᠤᠴᠠ ᠳᠤ᠂ ᠦ᠋ ᠲᠤᠤ ᠡᠯ᠎ᠡ ᠠᠵᠤ ᠠᠬᠤᠶᠢᠯᠠᠯ ᠤᠨ ᠬᠢᠨ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号