1 ᠰᠠᠷ᠎ᠠ ᠶᠢᠨ 21 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ | ᠮᠢᠩ ᠮᠢᠩ ᠺᠸᠤ ᠾᠧ ᠽᠢ ᠪᠠᠯᠭᠠᠰᠤᠨ ᠳᠤ ᠭᠦᠨᠵᠡᠭᠡᠶᠢᠷᠡᠨ 2025 ᠣᠨ ᠤ ᠡᠮ ᠡᠮᠨᠡᠯᠭᠡ ᠶᠢᠨ ᠳᠠᠭᠠᠳᠬᠠᠯ ᠤᠨ | ᠬᠤᠷᠢᠶᠠᠨ ᠲᠤᠰᠢᠶᠠᠬᠤ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ | ᠬᠢᠪᠠ᠃ ᠬᠤᠷᠠᠯ ᠠᠴᠠ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠬᠤᠷᠢᠶᠠᠬᠤ ᠠᠵᠢᠯ ᠤᠨ ᠲᠤᠬᠠᠢ ᠰᠠᠨᠠᠯ | ᠰᠠᠨᠠᠭᠤᠯᠭ᠎ᠠ ᠵᠢᠴᠢ ᠰᠦᠢᠳᠬᠡᠯ ᠬᠤᠷᠢᠶᠠᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ | ᠰᠣᠨᠣᠰᠴᠠᠢ᠃ ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠡᠭᠦᠷᠭᠡ ᠶᠢ ᠠᠵᠢᠯ ᠤᠨ ᠪᠠᠶᠢᠷᠢ ᠳᠤ ᠬᠦᠷᠲᠡᠯ᠎ᠡ ᠬᠤᠪᠢᠶᠠᠷᠢᠯᠠᠵᠤ᠂ ᠬᠥᠮᠦᠨ ᠳᠤ ᠬᠦᠷᠲᠡᠯ᠎ᠡ | ᠲᠣᠳᠣᠷᠬᠠᠶᠢᠯᠠᠵᠤ᠂ ᠬᠤᠷᠢᠶᠠᠨ ᠠᠪᠬᠤ ᠠᠬᠢᠴᠠ ᠶᠢ ᠲᠦᠷᠭᠡᠳᠬᠡᠬᠦ ᠬᠡᠷᠡᠭᠲᠡᠢ᠃ ᠬᠠᠷᠢᠶᠠᠲᠤ ᠣᠷᠣᠨ ᠤ ᠣᠳᠣᠬᠠᠨ ᠤ | ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠪᠥᠬᠦ | ᠠᠷᠠᠳ ᠤᠨ ᠳᠠᠭᠠᠳᠬᠠᠯ ᠳᠤ ᠣᠷᠣᠯᠴᠠᠬᠤ ᠶᠢ ᠬᠠᠨᠳᠤᠯᠭᠠᠲᠤ ᠴᠢᠨᠠᠷᠲᠠᠶ᠂ ᠣᠯᠠᠨ ᠠᠷᠭ᠎ᠠ ᠵᠠᠮ᠂ ᠣᠯᠠᠨ ᠬᠡᠯᠪᠡᠷᠢ ᠪᠠᠷ | ᠢᠳᠡᠪᠬᠢᠲᠡᠶ ᠳᠠᠶᠢᠴᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠶ ᠭᠡᠵᠦ ᠱᠠᠭᠠᠷᠳᠠᠪᠠ᠃ | | | |