ᠪᠥᠬᠦ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/22
    1 ᠰᠠᠷ᠎ᠠ ᠶᠢᠨ 21 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠮᠢᠩ ᠮᠢᠩ ᠪᠥᠬᠦ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠵᠣᠬᠢᠰᠲᠠᠶ ᠲᠣᠬᠢᠷᠠᠭᠤᠯᠵᠤ᠂ ᠲᠣᠰ ᠠᠵᠢᠯ ᠢ ᠪᠥᠬᠦ ᠲᠠᠯ᠎ᠠ ᠪᠠᠷ ᠰᠠᠶᠢᠲᠤᠷ ᠥᠷᠨᠢᠭᠦᠯᠬᠦ ᠬᠡᠷᠡᠭᠲᠡᠶ︔ ᠲᠤᠰ ᠲᠤᠰ ᠤᠨ ᠡᠭᠦᠷᠭᠡ ᠲᠤᠰᠢᠶᠠᠯ ᠢᠶᠠᠨ  ᠭᠦᠢᠴᠡᠳᠬᠡᠵᠦ᠂ ᠣᠯᠠᠨ ᠤ  ᠤᠬᠠᠭᠠᠨ ᠬᠠᠮᠲᠤ ᠶᠢᠨ  ᠬᠦᠴᠦᠨ ᠢᠶᠠᠷ ᠵᠣᠬᠢᠴᠠᠭᠤᠯᠤᠨ  ᠬᠠᠮᠵᠢᠯᠴᠠᠬᠤ ᠶᠢ ᠴᠢᠩᠭᠠᠳᠬᠠᠵᠤ᠂ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠢᠶᠠᠨ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ︔ ᠥᠷᠭᠡᠨ ᠳᠡᠯᠭᠡᠷ ᠤᠬᠠᠭᠤᠯᠵᠤ᠂ ᠣᠯᠠᠨ ᠲᠦᠮᠡᠨ ᠢ ᠳᠠᠶᠢᠴᠢᠯᠠᠵᠤ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠭᠠᠷ ᠬᠥᠳᠡᠯᠬᠦ ᠰᠠᠶᠢᠨ ᠰᠠᠶᠢᠬᠠᠨ ᠠᠭᠤᠷ  ᠠᠮᠢᠰᠬᠤᠯ ᠢ ᠪᠤᠢ ᠪᠣᠯᠭᠠᠬᠤ ᠬᠡᠷᠡᠭᠲᠡᠶ︔ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠨᠠᠨ ᠰᠢᠯᠭᠠᠬᠤ ᠶᠢ ᠴᠢᠩᠳᠠᠯᠠᠵᠤ᠂ ᠬᠤᠰᠢᠭᠤᠨ ᠤ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠬᠢᠨ ᠬᠢᠨᠠᠯᠲᠠ ᠲᠠᠯᠪᠢᠵᠤ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠡᠭᠴᠡᠯᠡᠨ ᠵᠠᠰᠠᠬᠤ ᠠᠵᠢᠯ ᠢ ᠮᠥᠷᠳᠡᠨ ᠦᠨᠡᠯᠡᠬᠦ ᠪᠠ ᠦᠨᠡᠯᠡᠨ ᠵᠢᠱᠢᠵᠦ᠂ ᠲᠣᠭᠤᠷᠢᠨ ᠪᠠᠶᠢᠴᠠᠭᠠᠵᠤ ᠵᠢᠯᠣᠭᠤᠳᠬᠤ᠂ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠭᠦᠢᠴᠡᠳᠬᠡᠬᠦ ᠵᠡᠷᠭᠡ ᠠᠷᠭ᠎ᠠ ᠬᠡᠯᠪᠡᠷᠢ ᠪᠠᠷ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠣᠰ ᠤᠳᠠᠭᠠᠨ ᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠪᠥᠬᠦ ᠬᠤᠰᠢᠭᠤᠨ ᠤ ᠠᠷᠠᠳ ᠲᠦᠮᠡᠨ ᠳᠤ ᠴᠡᠪᠡᠷ ᠴᠡᠮᠴᠡᠭᠡᠷ᠂ ᠡᠷᠡᠭᠦᠯ ᠡᠩᠬᠡ ᠴᠠᠭᠠᠨ ᠰᠠᠷ᠎ᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠡᠶ᠃    ᠬᠤᠷᠠᠯ ᠳᠡᠭᠡᠷ᠎ᠡ᠂ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽︿ᠴᠠᠭᠠᠨ ᠰᠠᠷ᠎ᠠ ᠶᠢ ᠤᠭᠲᠤᠬᠤ﹀ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠨᠢᠭᠡᠳᠦᠯᠲᠡᠶ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠲᠤᠬᠠᠶ ᠮᠡᠳᠡᠭᠳᠡᠯ︾ ᠢ ᠤᠯᠠᠮᠵᠢᠯᠠᠨ ᠲᠠᠶᠢᠯᠪᠤᠷᠢᠯᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号