ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢᠶᠠᠩ ᠸᠧᠶ ᠨᠡᠷ ᠮᠠᠨ ᠤ ᠬᠤᠰᠢᠭᠤᠨ ᠳᠤ ᠢᠷᠡᠵᠦ ᠶᠣᠰᠣ ᠰᠤᠷᠲᠠᠬᠤᠨ ᠤ ᠵᠢᠱᠢᠶᠡᠴᠢ ᠶᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/22
    1 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠨᠠᠶᠢᠳᠠᠯᠭ᠎ᠠ ᠪᠠᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢᠶᠠᠩ ᠸᠧᠶ ᠨᠡᠷ ᠮᠠᠨ ᠤ ᠬᠤᠰᠢᠭᠤᠨ ᠳᠤ ᠢᠷᠡᠵᠦ ᠶᠣᠰᠣ ᠰᠤᠷᠲᠠᠬᠤᠨ ᠤ ᠵᠢᠱᠢᠶᠡᠴᠢ ᠶᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠶᠦᠨ ᠫᠧᠩ ᠪᠠᠷ᠎ᠠ ᠪᠣᠯᠪᠠ᠃ ᠯᠢᠶᠠᠩ ᠸᠧᠢ ᠨᠡᠷ ᠱᠦᠢᠴᠢᠤᠸᠠᠨ ᠰᠢᠶᠠᠩ ᠤᠨ ᠭᠡᠷᠡᠯ ᠭᠠᠴᠠᠭ᠎ᠠ ᠲᠣᠰᠬᠤᠨ ᠳᠤ ᠬᠦᠷᠴᠦ᠂ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠶᠢᠨ ᠨᠡᠷ᠎ᠡ ᠳᠤᠷᠠᠳᠤᠭᠳᠠᠭᠰᠠᠳ ᠤᠨ ᠢᠷᠠᠭᠤ ᠠᠯᠳᠠᠷ ᠤᠨ ᠬᠦᠷᠲᠡᠭᠴᠢ ᠰᠢᠦ ᠷᠥᠩ ᠢ ᠪᠣᠯᠭᠤᠭᠠᠨ ᠲᠣᠬᠤᠨᠢᠭᠤᠯᠵᠤ᠂ ᠲᠡᠭᠦᠨ ᠳᠤ ᠲᠣᠬᠤᠨᠢᠭᠤᠯᠬᠤ ᠮᠥᠩᠭᠦ ᠪᠣᠯᠤᠨ ᠲᠣᠬᠤᠨᠢᠭᠤᠯᠬᠤ ᠪᠣᠳᠠᠰ ᠬᠦᠷᠭᠡᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠢᠯᠡᠳᠬᠡᠵᠡᠢ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号