ᠲᠦᠩᠯᠢᠶᠣᠣ ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ 1 ᠰᠠᠷ᠎ᠠ ᠶᠢᠨ 23 ᠤ ᠡᠳᠦᠷ ᠠᠴᠠ ᠡᠬᠢᠯᠡᠨ ᠬᠤᠷᠠᠯᠳᠤᠨ᠎ᠠ
ᠨᠡᠶᠢᠲᠡᠯᠡᠭᠰᠡᠨ ᠴᠠᠭ᠄
2025/1/22
    1 ᠰᠠᠷ᠎ᠠ ᠶᠢᠨ 21 ᠤ ᠡᠳᠦᠷ᠂ ᠲᠦᠩᠯᠢᠶᠣᠣ ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ ᠤᠨ ᠳᠡᠳ᠋ ᠡᠷᠭᠢᠯᠡᠭᠴᠢ ᠳ᠋ᠤᠸᠠᠨ ᠴᠢᠶᠠᠩ ᠠᠴᠠ ᠲᠦᠩᠯᠢᠶᠣᠣ ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠵᠢᠯᠤᠭᠤᠳᠬᠤ ᠦᠵᠡᠯ ᠰᠠᠨᠠᠭ᠎ᠠ᠂ ᠭᠤᠣᠯ ᠪᠤᠯᠬᠤ ᠡᠭᠦᠷᠭᠡ᠂ ᠬᠤᠷᠠᠯ ᠤᠨ ᠪᠡᠯᠡᠳᠬᠡᠯ ᠵᠢᠴᠢ ᠬᠤᠷᠠᠯ ᠤᠨ ᠪᠣᠳᠠᠲᠠᠢ ᠲᠣᠬᠢᠷᠠᠭᠤᠯᠤᠯᠲᠠ ᠵᠡᠷᠭᠡ ᠪᠠᠶᠢᠳᠠᠯ ᠢ ᠮᠡᠳᠡᠭᠳᠡᠪᠡ᠃          ᠬᠤᠷᠠᠯ ᠨᠢ 2025 ᠣᠨ ᠤ 1 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ ᠲᠦᠩᠯᠢᠶᠣᠣ ᠬᠤᠲᠠ ᠶᠢᠨ ᠵᠠᠰᠠᠭ ᠵᠠᠬᠢᠷᠭᠠᠨ ᠤ ᠲᠥᠪ ᠲᠤ ᠡᠬᠢᠯᠡᠵᠦ᠂ 1 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ ᠲᠡᠭᠦᠰᠴᠦ᠂ ᠬᠤᠷᠠᠯ ᠤᠨ ᠬᠤᠭᠤᠴᠠᠭ᠎ᠠ ᠬᠤᠶᠠᠷ ᠡᠳᠦᠷ ᠬᠠᠭᠠᠰ ᠪᠣᠯᠣᠨ᠎ᠠ᠃ ᠬᠤᠷᠠᠯ ᠳᠤ ᠣᠷᠣᠯᠴᠠᠪᠠᠰᠤ ᠵᠣᠬᠢᠬᠤ ᠲᠥᠯᠥᠭᠡᠯᠡᠭᠴᠢ 353 ᠬᠥᠮᠥᠨ ᠪᠤᠢ᠃ ᠳᠤᠰ ᠤᠳᠠᠭᠠᠨ ᠤ ᠬᠤᠷᠠᠯ ᠳᠤ ᠨᠡᠶᠢᠳᠡ 4 ᠤᠳᠠᠭ᠎ᠠ ᠶᠢᠨ ᠪᠦᠭᠦᠳᠡ ᠬᠤᠷᠠᠯ᠂ 5 ᠤᠳᠠᠭ᠎ᠠ ᠶᠢᠨ ᠲᠡᠷᠢᠭᠦᠯᠡᠭᠴᠢᠳ ᠤᠨ ᠪᠦᠯᠭᠦᠮ ᠤᠨ ᠬᠤᠷᠠᠯ ᠲᠣᠬᠢᠷᠠᠭᠤᠯᠪᠠ᠃          ᠲᠤᠰ ᠤᠳᠠᠭᠠᠨ ᠤ ᠶᠡᠭᠡ ᠬᠤᠷᠠᠯ ᠤᠨ ᠵᠢᠯᠤᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ  ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢᠨ ᠲᠣᠭᠤᠷᠢᠨ ᠳᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠭᠤᠣᠯ ᠶᠡᠭᠡ ᠲᠠᠯ᠎ᠠ ᠶᠢ ᠴᠢᠬᠤᠯᠠᠴᠢᠯᠠᠵᠤ᠂ ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠬᠦᠴᠦᠨ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠬᠡᠷᠡᠭᠵᠢᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠦᠨ ᠬᠥᠭᠵᠢᠭᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠰᠠᠶᠢᠲᠤᠷ ᠭᠦᠢᠴᠡᠳᠬᠡᠵᠦ᠂ ᠲᠦᠩᠯᠢᠶᠣᠣ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠦᠵᠡᠭᠦᠯᠭᠦ ᠪᠠᠷ ᠴᠢᠷᠮᠠᠶᠢᠬᠤ ᠪᠣᠯᠣᠨ᠎ᠠ᠃          ᠶᠡᠭᠡ ᠬᠤᠷᠠᠯ ᠤᠨ ᠵᠥᠪᠯᠡᠬᠦ ᠵᠦᠢᠯ ᠳᠤ ᠭᠤᠣᠯᠳᠠᠭᠤ᠄ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠲᠥᠯᠥᠪᠯᠡᠭᠡ ᠶᠢᠨ ᠮᠡᠳᠡᠭᠦᠯᠦᠯᠲᠡ᠂ ᠲᠥᠰᠥᠪ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠪᠠ ᠵᠥᠪᠰᠢᠶᠡᠷᠡᠵᠦ᠂ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠭᠢᠯᠡᠭᠴᠢ ᠭᠡᠰᠢᠭᠦᠨ ᠤ ᠨᠡᠷᠡᠰ ᠵᠢᠴᠢ ᠰᠣᠩᠭᠤᠭᠤᠯᠢ ᠶᠢᠨ ᠵᠦᠢᠯ ᠤᠳ ᠢ ᠪᠠᠲᠤᠯᠠᠬᠤ ᠵᠡᠷᠭᠡ ᠪᠠᠭᠲᠠᠨ᠎ᠠ᠃          ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠷᠠᠯ ᠳᠤ ᠣᠷᠣᠯᠴᠠᠬᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠲᠠᠨ᠂ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ᠂ ᠬᠤᠲᠠ ᠳᠤ ᠰᠠᠭᠤᠭ᠎ᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠥᠪ ᠣᠷᠣᠨ ᠤ ᠰᠢᠭᠤᠳ ᠬᠠᠷᠢᠶ᠎ᠠ ᠨᠢᠭᠡᠴᠢ ᠵᠢᠴᠢ ᠬᠤᠳᠡ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠳ ᠲᠤᠰ ᠤᠳᠠᠭᠠᠨ ᠤ ᠬᠤᠷᠠᠯ ᠳᠤ ᠰᠤᠯᠠ ᠣᠷᠣᠯᠴᠠᠨ᠎ᠠ᠃
 
ᠢᠷᠡᠯᠲᠡ᠄ ᠲᠥᠩᠯᠢᠶᠤᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号