ᠵᠢᠢ ᠱᠤᠸᠠᠩ ᠯᠢ ᠬᠤᠸᠠᠷ ᠫᠤᠤᠵᠢᠩ ᠪᠣᠷᠣᠯᠠᠭᠤᠯᠬᠤ ᠴᠡᠭ ᠲᠤ ᠭᠦᠨᠵᠡᠭᠡᠶᠢᠷᠡᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/1/23
    ᠣᠶᠢᠷ᠎ᠠ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠵᠢᠶ ᠱᠤᠸᠠᠩ ᠯᠢ ᠬᠠᠷᠢᠶᠠᠲᠤ ᠣᠷᠣᠨ ᠳᠤ ᠭᠦᠨᠵᠡᠭᠡᠶᠢᠷᠡᠨ ᠬᠤᠸᠠᠷ ᠫᠤᠤᠵᠢᠩ ᠪᠣᠷᠣᠯᠠᠭᠤᠯᠬᠤ ᠴᠡᠭ ᠲᠤ ᠬᠦᠷᠴᠦ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠪᠡ᠃ ᠪᠠᠶᠢᠴᠠᠭᠠᠬᠤ ᠶᠠᠪᠤᠴᠠ ᠳᠤ᠂ ᠵᠢᠢ ᠱᠤᠸᠠᠩ ᠯᠢ ᠡᠵᠡᠩᠨᠡᠯᠲᠡ ᠶᠢᠨ ᠲᠠᠯᠠᠪᠤᠷ ᠤᠨ ᠡᠭᠡ ᠲᠠᠩᠰᠠ ᠶᠢᠨ ᠲᠡᠮᠳᠡᠭᠯᠡᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠤᠸᠠᠷ ᠫᠤᠤᠵᠢᠩ ᠤᠨ ᠪᠠᠷᠠᠭ᠎ᠠ ᠣᠷᠣᠭᠤᠯᠤᠭᠰᠠᠨ ᠠᠷᠭ᠎ᠠ ᠵᠠᠮ ᠢ ᠬᠢᠨᠠᠨ ᠬᠠᠷᠭᠤᠭᠤᠯᠵᠤ᠂ ᠦᠢᠯᠡᠳᠬᠦᠨ ᠤ ᠲᠦᠷᠦᠯ ᠵᠦᠢᠯ ᠪᠠ ᠲᠤᠭ᠎ᠠ ᠬᠡᠮᠵᠢᠶ᠎ᠡ ᠶᠢ ᠬᠠᠷᠭᠤᠭᠤᠯᠵᠤ᠂ ᠡᠵᠡᠩᠨᠡᠯᠲᠡ ᠶᠢᠨ ᠲᠠᠯᠠᠪᠤᠷ ᠤᠨ ᠠᠮᠤᠷ ᠲᠦᠪᠰᠢᠨ ᠤ ᠲᠥᠬᠦᠭᠡᠷᠦᠮᠵᠢ᠂ ᠭᠠᠯ ᠤᠨᠲᠠᠷᠠᠭᠠᠬᠤ ᠲᠥᠬᠦᠭᠡᠷᠦᠮᠵᠢ᠂ ᠬᠥᠮᠥᠷᠭᠡ ᠳᠤ ᠣᠷᠣᠭᠤᠯᠬᠤ ᠳᠠᠩᠰᠠᠯᠠᠯᠲᠠ ᠵᠡᠷᠭᠡ ᠶᠢ ᠨᠢᠭᠡᠳ ᠨᠢᠭᠡ ᠪᠠᠷ ᠪᠠᠶᠢᠴᠠᠭᠠᠪᠠ᠃    ᠵᠢᠶ ᠱᠤᠸᠠᠩ ᠯᠢ ᠴᠢᠬᠤᠯᠠᠴᠢᠯᠠᠭᠰᠠᠨ ᠨᠢ᠂ ᠬᠤᠸᠠᠷ ᠫᠤᠤᠵᠢᠩ ᠨᠢ ᠠᠮᠠᠷᠬᠠᠨ ᠨᠣᠴᠣᠮᠠᠲᠠᠭᠠᠶ ᠳᠡᠯᠪᠡᠷᠡᠮᠡᠲᠡᠭᠡᠶ ᠡᠳ᠋ ᠪᠣᠳᠠᠰ ᠳᠤ ᠬᠠᠷᠢᠶᠠᠯᠠᠭᠳᠠᠵᠤ᠂ ᠬᠠᠳᠠᠭᠠᠯᠠᠬᠤ ᠭᠤᠭᠴᠤᠭ᠎ᠠ ᠨᠢ ᠲᠦᠢᠯ ᠤᠨ ᠴᠢᠬᠤᠯᠠ ᠪᠠᠶᠢᠳᠠᠭ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠠᠯ ᠤᠨᠲᠠᠷᠠᠭᠠᠬᠤ ᠪᠡᠯᠡᠳᠬᠡᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ᠬᠠᠤᠯᠢ ᠲᠣᠭᠲᠠᠭᠠᠯ ᠶᠣᠰᠣᠭᠠᠷ ᠡᠵᠡᠩᠨᠡᠵᠦ᠂ ᠬᠠᠤᠯᠢ ᠪᠤᠰᠤ ᠦᠢᠯᠡᠳᠬᠦᠨ ᠬᠤᠳᠠᠯᠳᠤᠨ ᠠᠪᠴᠤ ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠬᠢᠷᠢ ᠲᠡᠩᠴᠡᠬᠦ ᠥᠬᠡᠶ ᠦᠢᠯᠡᠳᠬᠦᠨ ᠤ ᠨᠡᠶᠢᠭᠡᠮ ᠳᠤ ᠲᠠᠷᠬᠠᠬᠤ ᠶᠢ ᠡᠷᠡᠰ ᠬᠤᠷᠢᠭᠯᠠᠵᠤ᠂ ᠥᠷᠭᠡᠨ ᠣᠯᠠᠨ ᠲᠦᠮᠡᠨ ᠤ ᠠᠮᠤᠷ ᠠᠮᠤᠭᠤᠯᠠᠩ ᠥᠯᠵᠡᠶ ᠪᠡᠯᠭᠡ ᠲᠠᠢ ᠠᠭᠤᠷ ᠠᠮᠢᠰᠬᠤᠯ ᠤᠨ ᠳᠤᠮᠳᠠ ᠰᠢᠨ᠎ᠡ ᠵᠢᠯ ᠢᠶᠠᠨ ᠪᠠᠶᠠᠷ ᠬᠥᠷ ᠲᠠᠢ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠶ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号