ᠰᠢ ᠶᠢᠨ ᠫᠢᠩ ᠯᠢᠶᠣᠤᠨᠢᠩ ᠤᠨ ᠬᠤ᠋ ᠯᠦ ᠳ᠋ᠣᠤ ᠬᠤᠲᠠ ᠳᠤ ᠭᠠᠮᠰᠢᠭᠳᠠᠭᠰᠠᠨ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2025/1/23
    22 ᠤᠨ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠬᠠᠬᠢᠷ ᠬᠦᠢᠲᠡᠨ ᠢ ᠦᠯᠦ ᠬᠠᠶᠢᠬᠤᠷᠤᠨ ᠯᠢᠶᠣᠤᠨᠢᠩ ᠮᠤᠵᠢ ᠶᠢᠨ ᠬᠤ᠋ ᠯᠤ᠋ ᠳ᠋ᠤᠤ ᠬᠤᠲᠠ ᠶᠢᠨ ᠰᠦᠢ ᠵᠥᠩ ᠰᠢᠶᠠᠨ ᠤ ᠮᠢᠩ ᠱᠦᠶ ᠮᠠᠨᠵᠤ ᠦᠨᠳᠦᠰᠦᠲᠡᠨ ᠤ ᠰᠢᠶᠠᠩ ᠤᠨ ᠵᠦ ᠵᠢᠶᠠ ᠭᠸᠦ ᠲᠣᠰᠬᠤᠨ ᠳᠤ ᠬᠦᠷᠴᠦ ᠭᠠᠮᠰᠢᠭᠳᠠᠭᠰᠠᠨ ᠣᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠨᠢᠳᠤᠨᠤᠨ ᠤ ᠦᠶᠡᠷ ᠤᠰᠤᠲᠤᠯ ᠤᠨ ᠭᠠᠮᠰᠢᠭ ᠤᠨ ᠳᠠᠷᠠᠭ᠎ᠠ ᠲᠤᠬᠠᠶ ᠶᠢᠨ ᠭᠠᠵᠠᠷ ᠤᠨ ᠰᠡᠷᠭᠦᠭᠡᠵᠦ ᠳᠠᠬᠢᠨ ᠪᠠᠶᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠡᠪᠦᠯ ᠣᠷᠣᠬᠤ ᠠᠴᠠ ᠡᠮᠦᠨ᠎ᠡ ᠰᠢᠨ᠎ᠡ ᠰᠠᠭᠤᠴᠠ ᠳᠤ ᠪᠠᠨ ᠨᠡᠭᠦᠭᠰᠡᠨ ᠲᠣᠰᠬᠤᠨ ᠤ ᠠᠷᠠᠳ ᠤᠨ ᠬᠡᠷ ᠲᠤ ᠬᠦᠷᠴᠦ᠂ ᠳᠠᠬᠢᠨ ᠪᠠᠶᠢᠭᠤᠯᠤᠭᠰᠠᠨ ᠬᠡᠷ ᠪᠠᠶᠢᠰᠢᠩ ᠤᠨ ᠶᠠᠰᠤ ᠴᠢᠨᠠᠷ᠂ ᠡᠳᠦᠷ ᠲᠤᠲᠤᠮ ᠤᠨ ᠠᠮᠢᠳᠤᠷᠠᠯ ᠤᠨ ᠪᠠᠲᠤᠯᠠᠭ᠎ᠠ ᠵᠡᠷᠭᠡ ᠪᠠᠶᠢᠳᠠᠯ ᠤᠳ ᠢ ᠣᠶᠢᠯᠠᠭᠠᠪᠠ᠃ ︵ᠦᠰᠦᠭ ᠪᠢᠴᠢᠭ ᠤᠨ ᠰᠤᠷᠪᠤᠯᠵᠢᠯᠠᠭᠴᠢ᠄ ᠵᠠᠩ ᠰᠢᠶᠤᠤ ᠰᠦᠩ᠂ ᠵᠦ ᠵᠢᠢ ᠴᠠᠢ ᠂ ᠭᠡᠷᠡᠯ ᠵᠢᠷᠤᠭ ᠤᠨ ᠰᠤᠷᠪᠤᠯᠵᠢᠯᠠᠭᠴᠢ᠄ ᠯᠢ ᠰᠢᠤᠸᠠᠢ ᠷᠧᠨ᠂ ᠰᠢᠶᠧ ᠬᠤᠸᠠᠨ ᡂᠢ᠂ ᠸᠠᠩ ᠶᠧ᠂ ᠳ᠋ᠢᠩ ᠬᠠᠢ ᠲᠤᠤ᠂ ᠵᠠᠢ ᠵᠢᠶᠠᠨ ᠯᠠᠨ︶
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号