ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ 2025 ᠣᠨ ᠤ ᠴᠠᠭᠠᠨ ᠰᠠᠷ᠎ᠠ ᠶᠢᠨ ᠲᠣᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/23
    1 ᠰᠠᠷ᠎ᠠ ᠶᠢᠨ 22 ᠤᠨ ᠡᠳᠦᠷ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ 2025 ᠣᠨ ᠤ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠶᠠᠩ ᠵᠠᠨ ᠬᠠᠶ ᠠᠵᠢᠯᠯᠠᠭ᠎ᠠ ᠳᠤ ᠣᠷᠣᠯᠴᠠᠵᠠᠶ᠃    ᠲᠣᠬᠤᠨᠢᠭᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠯᠤᠰ ᠤᠨ ᠴᠠᠬᠢᠯᠭᠠᠨ ᠲᠣᠣᠷ ᠤᠨ ᠬᠦᠷᠢᠶ᠎ᠡ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠬᠢ᠂ ᠬᠦᠷᠢᠶ᠎ᠡ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ᠂ ᠬᠦᠷᠢᠶ᠎ᠡ ᠬᠤᠰᠢᠭᠤᠨ ᠤ ᠵᠧᠩ ᠶᠤᠸᠠᠨ ᠤᠰᠤ ᠬᠠᠩᠭᠠᠬᠤ ᠺᠣᠮᠫᠠᠨᠢ᠂ ᠮᠸᠢ ᠲᠣᠸᠠᠨ ᠵᠠᠬᠢᠶᠠᠯᠠᠭ᠎ᠠ ᠶᠢᠨ ᠬᠤᠭᠤᠯᠠ ᠵᠡᠷᠭᠡ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠷᠢᠶ᠎ᠡ ᠪᠣᠯᠤᠨ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠶᠢ ᠪᠠᠲᠤ ᠰᠠᠬᠢᠵᠤ ᠪᠠᠶᠢᠭ᠎ᠠ ᠤᠯᠠᠨ ᠨᠢᠭᠡᠴᠢ ᠪᠠᠷ ᠬᠦᠷᠴᠦ᠂ ᠲᠡᠳᠡᠨ ᠲᠠᠢ ᠨᠢᠭᠤᠷᠳᠠᠨ ᠶᠠᠷᠢᠯᠴᠠᠵᠤ᠂ ᠲᠡᠳᠡᠨ ᠤ ᠠᠮᠢᠳᠤᠷᠠᠯ ᠪᠣᠯᠤᠨ ᠠᠵᠢᠯ ᠤᠨ ᠪᠠᠶᠢᠳᠠᠯ ᠢ ᠣᠶᠢᠯᠠᠭᠠᠵᠤ᠂ ᠲᠡᠳᠡᠨ ᠤ ᠪᠠᠶᠠᠷ ᠤᠨ ᠡᠳᠦᠷ ᠤᠨ ᠬᠤᠭᠤᠴᠠᠭᠠᠨ ᠳᠤ ᠮᠥᠨ ᠬᠦ ᠠᠵᠢᠯ ᠤᠨ ᠹᠷᠣᠨᠲ ᠢᠶᠠᠨ ᠪᠠᠲᠤ ᠰᠠᠬᠢᠵᠤ ᠪᠠᠶᠢᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠠᠮᠤ ᠪᠤᠳᠠᠭ᠎ᠠ᠂ ᠭᠤᠯᠢᠷ᠂ ᠲᠤᠰᠤ ᠵᠡᠷᠭᠡ ᠲᠣᠬᠤᠨᠢᠭᠤᠯᠬᠤ ᠪᠣᠳᠠᠰ ᠬᠦᠷᠭᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号