1 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠢᠦᠶ ᠹᠦ᠋ ᠪᠦᠯᠬᠦᠮ ᠳᠠᠭᠠᠭᠤᠯᠤᠨ | ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ᠃ ᠯᠢ ᠢᠦᠢ ᠹᠦ᠋ | ᠤᠷᠢᠳ ᠬᠤᠵᠢᠳ ᠵᠢᠶᠠ ᠵᠢᠶᠠ ᠬᠤᠢ ᠪᠦᠷᠢᠨ ᠪᠠᠷᠠᠭᠠᠨ ᠤ ᠬᠡᠳᠦ ᠳᠡᠯᠭᠡᠭᠦᠷ᠂ ᠭᠤᠣᠯ ᠵᠡᠭᠡᠯᠢ ᠶᠢᠨ ᠬᠤᠸᠠᠷ | ᠫᠤᠤᠵᠢᠩ ᠪᠣᠷᠣᠯᠠᠭᠤᠯᠬᠤ ᠴᠡᠭ᠂ ᠳᠤᠮᠳᠠᠳᠤ ᠤᠯᠤᠰ ᠤᠨ ᠴᠢᠯᠠᠭᠤᠨ ᠲᠤᠰᠤᠨ ᠤ ᠬᠦᠷᠢᠶ᠎ᠡ ᠬᠤᠰᠢᠭᠤᠨ ᠤ | ᠡᠵᠡᠩᠨᠡᠯᠲᠡ ᠶᠢᠨ ᠭᠠᠵᠠᠷ᠂ ᠤᠯᠤᠰ ᠤᠨ ᠥᠮᠴᠢᠯᠡᠯ ᠤᠨ ᠬᠦᠷᠢᠶ᠎ᠡ ᠬᠤᠰᠢᠭᠤᠨ ᠤ ᠭᠤᠷᠪᠡᠨᠭᠡᠷ ᠤᠢ ᠰᠢᠭᠤᠢ ᠶᠢᠨ | ᠲᠠᠯᠠᠪᠠᠢ᠂ ᠰᠢᠶᠠᠩ ᠵᠢᠶᠠ ᠰᠢᠨ ᠶᠤᠸᠠᠨ ᠰᠠᠭᠤᠭᠠᠯᠢ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠡᠯ᠎ᠡ | ᠴᠡᠭ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠭᠡᠮ ᠰᠣᠭᠤᠭ ᠢ | ᠪᠠᠶᠢᠴᠠᠭᠠᠨ ᠵᠠᠰᠠᠭᠰᠠᠨ᠂ ᠢᠳᠡᠭᠡᠨ ᠤ ᠠᠮᠤᠷ ᠲᠦᠪᠰᠢᠨ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ | ᠴᠡᠨᠡᠭᠯᠡᠬᠦ ᠣᠷᠣᠨ ᠪᠦᠰᠡ ᠶᠢᠨ ᠠᠮᠤᠷ ᠲᠦᠪᠰᠢᠨ᠂ ᠵᠢᠵᠢᠭᠦᠷᠯᠡᠨ ᠰᠠᠬᠢᠵᠤ ᠪᠠᠶᠢᠭ᠎ᠠ ᠵᠡᠷᠭᠡ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ | ᠰᠠᠶᠢᠲᠤᠷ ᠬᠢᠬᠦ ᠲᠤᠬᠠᠢ ᠵᠢᠯᠣᠭᠤᠳᠬᠤ ᠰᠠᠨᠠᠯ ᠪᠣᠯᠤᠨ ᠪᠣᠳᠠᠲᠠᠢ ᠱᠠᠭᠠᠷᠳᠠᠯᠭ᠎ᠠ ᠳᠤᠷᠠᠳᠴᠠᠢ᠃ | ᠯᠢ ᠢᠦᠢ ᠹᠦ᠋ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠡᠯ᠎ᠡ | ᠭᠠᠵᠠᠷ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠠᠶᠤᠯᠭᠦᠢ ᠦᠢᠯᠡᠳᠪᠦᠷᠢᠯᠡᠯ ᠤᠨ ᠡᠷᠴᠢᠮ ᠢᠶᠠᠨ ᠴᠠᠭ ᠢᠮᠠᠭᠲᠠ | ᠴᠢᠩᠭᠠᠷᠠᠭᠤᠯᠵᠤ᠂ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠡᠯ᠎ᠡ ᠵᠦᠢᠯ ᠤᠨ ᠠᠮᠤᠷ | ᠲᠦᠪᠰᠢᠨ ᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ | ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ | ᠬᠡᠮᠵᠢᠶ᠎ᠡ ᠶᠢ ᠨᠠᠷᠢᠯᠢᠭ ᠪᠣᠳᠠᠲᠠᠢ ᠬᠢᠬᠦ ᠬᠡᠷᠡᠭᠲᠡᠢ᠃ ᠪᠠᠶᠠᠷ ᠤᠨ ᠡᠳᠦᠷ ᠤᠨ ᠬᠤᠭᠤᠴᠠᠭᠠᠨ ᠳᠤ ᠵᠢᠵᠢᠭᠦᠷᠯᠡᠨ | ᠰᠠᠬᠢᠬᠤ ᠶᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ | ᠭᠦᠨᠵᠡᠭᠡᠶ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ | ᠰᠡᠷᠭᠡᠶᠢᠯᠡᠨ ᠬᠤᠷᠢᠭᠯᠠᠵᠤ᠂ ᠪᠥᠬᠦ ᠬᠤᠰᠢᠭᠤᠨ ᠤ ᠠᠷᠠᠳ ᠲᠦᠮᠡᠨ ᠤ ᠪᠠᠶᠠᠷ ᠬᠥᠷ ᠲᠠᠢ᠂ ᠠᠮᠤᠷ ᠲᠦᠪᠰᠢᠨ᠂ | ᠥᠯᠵᠡᠶ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠡᠢ᠃ | | | |