1 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ | ᠳᠠᠭᠠᠭᠠᠨ ᠡᠷᠭᠢᠯᠡᠭᠰᠡᠨ ︽ᠬᠠᠶᠢᠷ᠎ᠠ ᠰᠢᠩᠭᠡᠭᠰᠡᠨ ᠤᠮᠠᠷᠠᠲᠤ ᠬᠢᠯᠢ ᠬᠠᠪᠤᠷ ᠰᠠᠭᠠᠲᠠᠭᠰᠠᠨ ᠳᠤᠯᠠᠭᠠᠨ ᠬᠦᠷᠢᠶ᠎ᠡ︾ | ᠬᠦᠷᠢᠶ᠎ᠡ ᠬᠤᠰᠢᠭᠤᠨ ᠤ 2025 ᠣᠨ ᠤ ᠴᠠᠭᠠᠨ ᠰᠠᠷ᠎ᠠ ᠶᠢᠨ ᠦᠳᠡᠰᠢᠯᠡᠭᠡ ᠬᠤᠰᠢᠭᠤᠨ ᠤ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠣᠯᠠᠨ ᠴᠢᠳᠠᠮᠵᠢᠳᠤ ᠲᠢᠩᠬᠢᠮ ᠳᠤ ᠠᠮᠵᠢᠯᠲᠠ ᠲᠠᠢ ᠶᠠᠪᠤᠭᠳᠠᠪᠠ᠃ | | | | ᠵᠧᠦ ᠯᠢᠶᠠᠩ ᠶᠤᠸᠠᠨ᠂ ᠯᠢ ᠶᠦᠨ ᠫᠧᠩ᠂ ᠵᠣᠣ ᠭᠠᠩ᠂ ᠯᠢ ᠴᠦᠨ ᠾᠧ᠂ ᠵᠠᠩ ᠱᠣ᠋ ᠯᠢ᠂ ᠶᠠᠩ ᠵᠠᠨ ᠬᠠᠢ᠂ | ᠵᠢᠢ ᠱᠤᠸᠠᠩ ᠯᠢ ᠵᠡᠷᠭᠡ ᠬᠤᠰᠢᠭᠤᠨ ᠤ ᠤᠳᠤᠷᠢᠳᠤᠯᠭ᠎ᠠ ᠣᠯᠠᠨ ᠲᠦᠮᠡᠨ ᠲᠠᠢ ᠬᠠᠮᠲᠤ ᠦᠳᠡᠰᠢᠯᠡᠭᠡ ᠶᠢ | ᠰᠣᠨᠢᠷᠬᠠᠪᠠ᠃ ᠦᠳᠡᠰᠢᠯᠡᠭᠡ ᠨᠢ ᠭᠤᠷᠪᠠᠨ ᠪᠦᠯᠦᠭ ᠬᠤᠪᠢᠶᠠᠵᠤ᠂ ᠡᠷᠡᠭᠲᠡᠶ ᠡᠮᠡᠭᠲᠡᠶ ᠶᠢᠨ ᠳᠥᠷᠪᠡᠯ ᠳᠠᠭᠤᠤ ︽ | ᠰᠢᠨ᠎ᠡ ᠵᠢᠯ ᠤᠨ ᠢᠷᠥᠭᠡᠯ︾ ᠢᠶᠠᠷ ᠲᠤᠭᠯᠠᠯᠲᠠ ᠡᠬᠢᠯᠡᠵᠦ᠂ ᠡᠮᠡᠭᠲᠡᠢ ᠶᠢᠨ ᠭᠤᠴᠣᠯᠠᠯ ᠳᠠᠭᠤᠤ᠂ ᠤᠷᠠᠨ ᠪᠢᠴᠢᠯᠭᠡ᠂ | ᠡᠷᠲᠡᠨ ᠤ ᠶᠠᠲᠤᠭ᠎ᠠ ᠶᠢᠨ ᠬᠠᠮᠲᠤ ᠪᠠᠷ ᠲᠣᠭᠯᠠᠭᠰᠠᠨ ︽ᠳᠤᠮᠳᠠᠳᠤ ᠶᠢᠨ ᠬᠤᠤᠰ ᠤᠶᠠᠩᠭ᠎ᠠ︾᠂ ᠬᠤᠶᠠᠷ ᠬᠥᠮᠦᠨ ᠤ | ᠶᠠᠷᠢᠭᠰᠠᠨ ︽70 ᠵᠢᠯ ᠤᠨ ᠡᠮᠦᠨᠡᠬᠢ ᠬᠦᠷᠢᠶ᠎ᠡ ᠶᠢᠨ ᠴᠠᠭᠠᠨ ᠰᠠᠷ᠎ᠠ︾᠂ ᠤᠤᠭᠠᠯ ᠳᠠᠭᠤᠤ ︽ᠡᠪ ᠨᠢᠭᠲᠠᠷᠠᠯᠲᠤ | ᠬᠦᠷᠢᠶ᠎ᠡ︾ ᠵᠡᠷᠭᠡ ᠣᠯᠠᠨ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠬᠦᠷᠢᠶ᠎ᠡ ᠬᠤᠰᠢᠭᠤᠨ ᠤ ᠥᠪᠡᠷᠮᠢᠴᠡ | ᠰᠣᠶᠣᠯ ᠤᠨ ᠷᠢᠳᠢ ᠰᠢᠳᠢ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠬᠠᠶᠢᠷᠠᠯᠠᠵᠤ᠂ ᠬᠠᠮᠲᠤ ᠪᠠᠷ | ᠲᠡᠮᠡᠴᠡᠬᠦ ᠰᠡᠳᠬᠢᠯᠭᠡ᠂ ᠮᠠᠨ ᠤ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠲᠤᠬᠠᠶ ᠡᠷᠡᠰ ᠪᠠᠲᠤ ᠢᠲᠡᠭᠡᠯ ᠵᠣᠷᠢᠭ ᠪᠠ ᠴᠥᠬᠦᠷᠡᠰᠢ ᠥᠬᠡᠶ ᠴᠢᠷᠮᠠᠶᠢᠯᠭ᠎ᠠ ᠶᠢ | ᠢᠯᠡᠷᠡᠭᠦᠯᠪᠡ᠃ | ᠦᠳᠡᠰᠢᠯᠡᠭᠡ ᠳᠤ᠂ ᠮᠢ ᠶᠦᠨ ᠲᠣᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠠᠬᠢᠷᠤᠯ ᠴᠧᠩ | ᠸᠧᠶ ᠠᠴᠠ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯ ᠤᠨ ᠠᠬᠤᠶ ᠪᠠᠶᠢᠳᠠᠯ ᠳᠣᠤᠷ᠎ᠠ᠂ | ᠬᠦᠷᠢᠶ᠎ᠡ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠢᠷᠡᠵᠦ ᠲᠤᠰᠢᠶᠠᠯ ᠡᠭᠦᠷᠭᠡᠯᠡᠵᠦ ᠪᠠᠶᠢᠭ᠎ᠠ | ᠬᠤᠭᠤᠴᠠᠭᠠᠨ ᠳᠠᠬᠢ ᠠᠵᠢᠯ ᠪᠠ ᠠᠮᠢᠳᠤᠷᠠᠯ ᠤᠨ ᠪᠠᠭ᠎ᠠ ᠰᠠᠭ᠎ᠠ ᠵᠢᠵᠢᠭ ᠰᠠᠵᠢᠭ ᠵᠦᠢᠯ ᠢᠶᠠᠨ ᠬᠤᠪᠢᠶᠠᠯᠴᠠᠵᠤ᠂ | ᠬᠥᠮᠦᠰ ᠲᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠤᠨ ᠬᠦᠷᠢᠶᠡᠨ ᠳᠠᠬᠢ | ᠣᠯᠤᠭᠰᠠᠨ ᠦᠷ᠎ᠡ ᠪᠦᠲᠦᠭᠡᠯ ᠵᠢᠴᠢ ᠡᠶᠢᠮᠦᠷᠬᠦ ᠬᠠᠮᠵᠢᠯᠴᠠᠭᠠᠨ ᠤ ᠵᠠᠭᠪᠤᠷ ᠤᠨ ᠢᠳᠡᠪᠬᠢ ᠠᠴᠢ ᠬᠤᠯᠪᠣᠭᠳᠠᠯ ᠢ | ᠭᠦᠨᠵᠡᠭᠡᠶ ᠣᠶᠢᠯᠠᠭᠠᠭᠤᠯᠪᠠ᠃ ᠮᠢ ᠶᠦᠨ ᠲᠤᠭᠤᠷᠢᠭ ᠤᠨ ᠤᠳᠬ᠎ᠠ ᠤᠷᠠᠯᠢᠭ ᠤᠨ ᠠᠵᠢᠯᠲᠠᠳ ᠤᠨ ᠲᠠᠭᠤᠯᠠᠭᠰᠠᠨ ︽ | ᠲᠠᠪᠤᠭᠤᠯᠠ ᠶᠢᠨ ᠬᠦᠷᠢᠶ᠎ᠡ ᠳᠠᠬᠢ ᠵᠣᠭᠠᠴᠠᠯ︾᠂ ᠪᠡᠬᠡᠵᠢᠩ ᠰᠢ ︽ᠱᠠ ᠵᠢᠶᠠ ᠪᠠᠩ ᠤᠨ ᠰᠤᠩᠭᠤᠮᠠᠯ ᠬᠡᠰᠡᠭ - | ᠴᠡᠷᠢᠭ ᠠᠷᠠᠳ ᠤᠨ ᠨᠢᠭᠲᠠ ᠬᠠᠷᠢᠴᠠᠭ᠎ᠠ︾ ᠵᠡᠷᠬᠡ ᠲᠤᠭᠯᠠᠯᠳᠠ ᠨᠢ ᠰᠢᠯᠢᠳᠡᠭ ᠤᠯᠠᠮᠵᠢᠯᠠᠯᠳᠤ ᠰᠤᠶᠤᠯ ᠤᠷᠠᠯᠢᠭ ᠤᠨ | ᠭᠠᠶᠢᠬᠠᠮᠰᠢᠭ ᠢ ᠢᠯᠡᠷᠡᠬᠦᠯᠵᠤ᠂ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠰᠤᠶᠤᠯ ᠤᠨ ᠰᠤᠯᠢᠯᠴᠠᠭ᠎ᠠ ᠵᠡᠷᠭᠡ | ᠤᠯᠠᠨ ᠲᠠᠯ᠎ᠠ ᠶᠢᠨ ᠡᠯᠪᠡᠭ ᠪᠠᠶᠠᠯᠢᠭ ᠦᠷ᠎ᠠ ᠪᠦᠳᠦᠭᠡᠯ ᠢ ᠢᠯᠡᠷᠡᠬᠦᠯᠦᠭᠰᠡᠨ ᠪᠠᠶᠢᠨ᠎ᠠ᠃ | ᠦᠳᠡᠰᠢᠯᠡᠭᠡ ᠭᠤᠶᠢᠳᠠ ᠰᠠᠶᠢᠬᠠᠨ ᠶᠠᠪᠤᠭᠳᠠᠵᠤ᠂ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ | ᠬᠥᠭᠵᠢᠶᠡᠨ ᠢᠶᠠᠷ ᠪᠢᠯᠬᠠᠮ᠎ᠠ ᠪᠠᠶᠢᠯ᠎ᠠ᠃ |