| | | ᠴᠢᠷᠮᠠᠶᠢᠨ ᠲᠡᠮᠡᠴᠡᠵᠦ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠪᠣᠳᠠᠲᠠᠢ ᠠᠵᠢᠯᠯᠠᠭ᠎ᠠ ᠪᠠᠷ ᠢᠶᠠᠨ ᠢᠷᠡᠭᠡᠳᠦᠢ ᠶᠢ | ᠴᠣᠭᠴᠠᠯᠠᠮᠤᠢ᠃ 1 ᠳ᠋ᠦ᠋ᠭᠡᠷ ᠰᠠᠷ᠎ᠠ ᠶᠢᠨ 23 ᠤ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠬᠤᠲᠠ ᠶᠢᠨ | ᠵᠠᠰᠠᠭ ᠵᠠᠬᠢᠷᠭᠠᠨ ᠤ ᠲᠥᠪ ᠤᠨ ᠶᠣᠰᠣᠯᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠡᠬᠢᠯᠡᠪᠡ᠃ ᠡᠭᠦᠷᠭᠡ | ᠬᠠᠷᠢᠭᠤᠴᠠᠯᠭ᠎ᠠ ᠪᠠ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠬᠦᠰᠡᠯ ᠡᠷᠡᠮᠡᠯᠵᠡᠯ ᠢᠶᠠᠨ ᠡᠪᠦᠷᠯᠡᠭᠰᠡᠨ᠂ ᠪᠥᠬᠦ | ᠬᠤᠲᠠ ᠶᠢᠨ ᠡᠯ᠎ᠡ ᠠᠵᠢᠯ ᠲᠥᠷᠥᠯ᠂ ᠡᠯ᠎ᠡ ᠹᠷᠣᠨᠲ ᠠᠴᠠ ᠢᠷᠡᠭᠰᠡᠨ 300 ᠭᠠᠷᠤᠶ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠨᠢᠭᠡ ᠲᠠᠩᠬᠢᠮ ᠳᠤ ᠴᠤᠭᠯᠠᠷᠠᠵᠤ᠂ ᠦᠨᠳᠦᠰᠦᠨ | ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ | ᠲᠦᠩᠯᠢᠶᠣᠤ ᠶᠢᠨ ᠰᠢᠨ᠎ᠡ ᠨᠢᠭᠡ ᠵᠢᠯ ᠤᠨ ᠲᠡᠮᠡᠴᠡᠯ ᠤᠨ ᠵᠢᠷᠤᠭ ᠲᠥᠰᠦᠪ ᠢ ᠬᠠᠮᠲᠤ ᠪᠠᠷ ᠵᠢᠷᠤᠭᠯᠠᠪᠠ᠃ | ᠶᠡᠭᠡ ᠬᠤᠷᠠᠯ ᠤᠨ ᠬᠤᠭᠤᠴᠠᠭ᠎ᠠ ᠨᠢ ᠬᠤᠶᠠᠷ ᠡᠳᠦᠷ ᠬᠠᠭᠠᠰ᠂ ᠵᠥᠪᠯᠡᠬᠦ ᠵᠦᠢᠯ ᠳᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠵᠢᠯ ᠤᠨ ᠢᠯᠡᠳᠬᠡᠯ ᠪᠠ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ | ᠬᠢᠨᠠᠨ ᠵᠥᠪᠯᠡᠬᠦ᠂ ᠲᠥᠯᠥᠪᠯᠡᠭᠡ ᠶᠢᠨ ᠮᠡᠳᠡᠭᠦᠯᠦᠯᠲᠡ᠂ ᠲᠥᠰᠦᠪ ᠤᠨ ᠮᠡᠳᠡᠭᠦᠯᠦᠯᠲᠡ ᠶᠢ ᠬᠢᠨᠠᠨ ᠵᠥᠪᠰᠢᠶᠡᠷᠡᠬᠦ᠂ | ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠭᠡᠰᠢᠭᠦᠨ ᠤ ᠨᠡᠷᠡᠰ ᠵᠢᠴᠢ ᠰᠣᠩᠭᠤᠭᠤᠯᠢ ᠶᠢᠨ | ᠵᠦᠢᠯᠡᠰ ᠢ ᠪᠠᠲᠤᠯᠠᠬᠤ ᠵᠡᠷᠭᠡ ᠪᠠᠭᠲᠠᠨ᠎ᠠ᠃ |