ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠢᠳᠡᠰᠢᠨ ᠳᠠᠪᠤᠰᠤ ᠶᠢᠨ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/1/24
    ᠣᠶᠢᠷ᠎ᠠ ᠳᠤ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠢᠳᠡᠰᠢᠨ ᠳᠠᠪᠤᠰᠤ ᠶᠢᠨ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠬᠠᠷᠢᠶᠠᠲᠤ ᠣᠷᠣᠨ ᠤ ᠢᠳᠡᠰᠢᠨ ᠳᠠᠪᠤᠰᠤᠨ ᠤ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ᠂ ᠬᠤᠳᠠᠯᠳᠤᠭ᠎ᠠ ᠬᠡᠲᠦ ᠳᠡᠯᠭᠡᠭᠦᠷ ᠵᠢᠵᠢᠭᠯᠡᠨ ᠬᠤᠳᠠᠯᠳᠤᠬᠤ ᠴᠡᠭ ᠲᠤ ᠭᠦᠨᠵᠡᠭᠡᠶᠢᠷᠡᠨ᠂ ᠡᠵᠡᠩᠨᠡᠯᠲᠡ ᠶᠢᠨ ᠠᠵᠤ ᠠᠬᠤᠶᠢᠯᠠᠯ ᠤᠨ ᠨᠥᠭᠡᠴᠡᠯᠡᠭᠰᠡᠨ ᠳᠠᠪᠤᠰᠤᠨ ᠤ ᠬᠥᠮᠥᠷᠭᠡ ᠳᠠᠬᠢ ᠲᠤᠭ᠎ᠠ ᠬᠡᠮᠵᠢᠶ᠎ᠡ᠂ ᠬᠤᠳᠠᠯᠳᠤᠭ᠎ᠠ ᠬᠡᠲᠦ ᠳᠡᠯᠭᠡᠭᠦᠷ ᠤᠨ ᠢᠳᠡᠰᠢᠨ ᠳᠠᠪᠤᠰᠤᠨ ᠤ ᠵᠢᠵᠢᠭᠯᠡᠨ ᠬᠤᠳᠠᠯᠳᠤᠬᠤ ᠪᠠᠷᠢᠮᠵᠢᠶ᠎ᠠ᠂ ᠶᠠᠰᠤ ᠴᠢᠨᠠᠷ ᠤᠨ ᠪᠠᠶᠢᠴᠠᠭᠠᠨ ᠬᠡᠮᠵᠢᠯᠲᠡ ᠶᠢᠨ ᠮᠡᠳᠡᠭᠦᠯᠦᠯᠲᠡ ᠵᠢᠴᠢ ᠬᠤᠳᠠᠯᠳᠤᠨ ᠠᠪᠴᠤ ᠪᠣᠷᠣᠯᠠᠭᠤᠯᠤᠭᠰᠠᠨ ᠲᠡᠮᠳᠡᠭᠯᠡᠯ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠡᠵᠡᠩᠨᠡᠯᠲᠡ ᠶᠢᠨ ᠬᠤᠳᠠᠯᠳᠤᠭᠠᠴᠢᠨ ᠡᠷᠦᠬᠡ ᠳᠤ ︽ᠢᠳᠡᠰᠢᠨ ᠳᠠᠪᠤᠰᠤᠨ ᠤ ᠲᠤᠰᠬᠠᠶ ᠡᠵᠡᠩᠨᠡᠯᠲᠡ ᠶᠢᠨ ᠠᠷᠭ᠎ᠠ︾᠂ ︽ᠢᠳᠡᠰᠢᠨ ᠳᠠᠪᠤᠰᠤᠨ ᠤ ᠢᠣᠳ᠋ ᠨᠡᠮᠡᠵᠦ ᠢᠣᠳ᠋ ᠳᠤᠲᠠᠭᠳᠠᠬᠤ ᠬᠤᠤᠷ ᠬᠥᠨᠥᠭᠡᠯ ᠢ ᠠᠷᠢᠯᠭᠠᠬᠤ ᠬᠠᠮᠢᠶᠠᠷᠤᠯᠲᠠ ᠶᠢᠨ ᠲᠦᠷᠢᠮ︾ ᠢ ᠤᠬᠠᠭᠤᠯᠤᠨ ᠲᠠᠶᠢᠯᠪᠤᠷᠢᠯᠠᠵᠤ᠂ ᠢᠳᠡᠰᠢᠨ ᠤ ᠳᠠᠪᠤᠰᠤᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号