1 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ | ᠵᠣᠤᠬᠠᠴᠢᠨ ᠨᠡᠶᠢᠭᠡᠮ ᠲᠣᠭᠤᠷᠢᠭ ᠲᠠᠢ ᠬᠠᠮᠲᠤᠷᠠᠨ ︽ᠤᠯᠠᠮᠵᠢᠯᠠᠯᠲᠤ ᠰᠣᠶᠣᠯ ᠢ ᠪᠠᠳᠠᠷᠠᠭᠤᠯᠵᠤ ᠴᠠᠭᠠᠨ ᠰᠠᠷ᠎ᠠ ᠶᠢᠨ | ᠪᠠᠶᠠᠷ ᠢ ᠬᠠᠮᠲᠤ ᠪᠠᠷ ᠪᠡᠯᠭᠡᠯᠡᠶ᠎ᠡ︾ ᠭᠡᠬᠦ ᠬᠠᠷᠢᠶᠠᠲᠤ ᠨᠠᠷ ᠤᠨ ᠡᠲᠡᠭᠡᠳ ᠤᠨ ᠴᠠᠭᠠᠨ ᠰᠠᠷ᠎ᠠ ᠶᠢᠨ ᠪᠠᠶᠠᠷ ᠢ ᠤᠭᠲᠤᠬᠤ | ᠨᠥᠬᠦᠷᠯᠡᠯ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ᠡᠬᠢᠯᠡᠯᠲᠡ ᠶᠢᠨ ᠪᠥᠵᠢᠭ ︽ᠮᠠᠨ ᠤ ᠠᠮᠢᠳᠤᠷᠠᠯ | ᠬᠦᠭᠵᠢᠯ ᠪᠠᠳᠠᠷᠠᠯ ᠢᠶᠠᠷ ᠪᠢᠯᠬᠠᠨ᠎ᠠ︾ ᠳᠤᠮᠳᠠ ᠬᠥᠰᠢᠭᠡ ᠪᠠᠨ ᠰᠡᠬᠦᠵᠦ᠂ ᠳᠠᠭᠤᠤ᠂ ᠪᠥᠵᠢᠭ ᠵᠡᠷᠭᠡ ᠲᠣᠭᠯᠠᠯᠲᠠ | ᠵᠠᠯᠭᠠᠭ᠎ᠠ ᠪᠠᠷ ᠶᠠᠪᠤᠭᠳᠠᠵᠤ᠂ ᠠᠬᠤᠢ ᠲᠠᠯᠠᠪᠠᠢ ᠶᠢᠨ ᠦᠵᠡᠭᠴᠢᠳ ᠲᠤ ᠭᠤᠶᠢᠳᠠ ᠰᠠᠶᠢᠬᠠᠨ ᠬᠠᠷᠠᠭ᠎ᠠ ᠰᠤᠨᠤᠷ ᠤᠨ | ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃ ᠡᠭᠦᠨ ᠤ ᠬᠠᠮᠲᠤ᠂ ᠤᠷᠠᠨ ᠪᠢᠴᠢᠯᠭᠡ ᠶᠢᠨ ᠪᠠᠭ᠋ᠠᠲᠤᠳ ᠲᠤᠬᠠᠶ ᠶᠢᠨ | ᠲᠠᠯᠠᠪᠤᠷ ᠲᠤ ᠪᠢᠷ ᠪᠡᠭᠡ ᠪᠦᠵᠢᠭᠯᠡᠭᠦᠯᠦᠨ᠂ ᠬᠤᠤᠰ ᠤᠶᠠᠩᠭ᠎ᠠ ᠪᠢᠴᠢᠵᠦ᠂ ᠬᠤᠤᠰ ᠤᠶᠠᠩᠭ᠎ᠠ ᠬᠦᠷᠭᠡᠵᠦ᠂ | ᠬᠠᠷᠢᠶᠠᠲᠤ ᠨᠠᠷ ᠤᠨ ᠡᠲᠡᠭᠡᠳ ᠪᠠ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠤᠳᠬ᠎ᠠ ᠤᠶᠠᠩᠭ᠎ᠠ ᠪᠠᠷ | ᠳᠥᠭᠦᠷᠡᠩ ︽ᠴᠠᠭᠠᠨ ᠰᠠᠷ᠎ᠠ ᠶᠢᠨ ᠦᠨᠦᠷ ᠠᠮᠲᠠ︾ ᠶᠢ ᠮᠡᠳᠡᠷᠡᠭᠦᠯᠪᠡ᠃ | | | |