ᠬᠦᠷᠢᠶ᠎ᠡ ᠬᠤᠰᠢᠭᠤ ᠴᠠᠰᠤ ᠣᠷᠣᠬᠤ ᠴᠠᠭ ᠠᠭᠤᠷ ᠢ ᠠᠷᠭᠠᠴᠠᠬᠤ ᠪᠠᠶᠢᠷᠢᠯᠠᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/26
    1 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠸᠠᠩ ᠸᠧᠶ ᠬᠦᠷᠢᠶ᠎ᠡ ᠬᠤᠰᠢᠭᠤᠨ ᠤ ᠴᠠᠰᠤ ᠣᠷᠣᠬᠤ ᠴᠠᠭ ᠠᠭᠤᠷ ᠢ ᠠᠷᠭᠠᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠢᠦᠢ ᠹᠦ᠋ ᠬᠤᠷᠠᠯ ᠳᠤ ᠣᠷᠣᠯᠴᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠤᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠬᠤᠪᠢᠷᠠᠯᠲᠠ ᠶᠢᠨ ᠬᠠᠨᠳᠤᠰᠢ ᠶᠢ ᠨᠢᠭᠲᠠ ᠠᠩᠬᠠᠷᠴᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠭᠲᠠ ᠪᠠᠶᠢᠷᠢᠯᠠᠭᠤᠯᠤᠨ᠂ ᠡᠯ᠎ᠡ ᠵᠦᠢᠯ ᠤᠨ ᠪᠠᠲᠤᠯᠠᠭ᠎ᠠ ᠪᠣᠯᠤᠨ ᠭᠡᠮ ᠰᠣᠭᠤᠭ ᠢ ᠠᠷᠢᠯᠭᠠᠬᠤ ᠠᠵᠢᠯ ᠢ ᠰᠠᠶᠢᠲᠤᠷ ᠠᠳᠬᠤᠵᠤ᠂ ᠥᠷᠭᠡᠨ ᠤᠯᠠᠨ ᠠᠷᠠᠳ ᠲᠦᠮᠡᠨ ᠳᠤ ᠦᠨᠡᠨᠬᠦ ᠰᠠᠶᠢᠲᠤᠷ ᠦᠢᠯᠡᠴᠢᠯᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠨᠥᠭᠡᠴᠡ ᠶᠢ ᠴᠢᠩᠳᠠᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠴᠠᠰᠤ ᠣᠷᠣᠵᠤ ᠳᠤᠯᠠᠭᠠᠨ ᠪᠠᠭᠤᠷᠠᠬᠤ ᠴᠠᠭ ᠠᠭᠤᠷ ᠤᠨ ᠳᠠᠪᠬᠤᠴᠠᠭᠰᠠᠨ ᠨᠥᠯᠥᠭᠡ ᠶᠢ ᠭᠦᠢᠴᠡᠳ ᠪᠣᠳᠣᠯᠬᠢᠯᠠᠵᠤ᠂ ᠠᠳᠠᠯᠢ ᠬᠤᠭᠤᠴᠠᠭᠠᠨ ᠤ ᠬᠢ ᠠᠴᠠ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠤᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠪᠦᠷᠢᠨ ᠭᠦᠢᠴᠡᠳ ᠲᠣᠬᠢᠷᠠᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠳᠣᠲᠣᠷ᠎ᠠ ᠪᠠᠨ ᠲᠤᠭ᠎ᠠ ᠲᠠᠢ᠂ ᠠᠵᠢᠯᠯᠠᠭᠠᠨ ᠳᠠᠭᠠᠨ ᠠᠷᠭ᠎ᠠ ᠲᠠᠢ ᠪᠠᠶᠢᠬᠤ ᠬᠡᠷᠡᠭᠲᠡᠢ᠃ ᠰᠠᠭᠤᠷᠢ ᠪᠡᠯᠡᠳᠬᠡᠮᠵᠢ ᠶᠢᠨ ᠠᠮᠤᠷ ᠲᠦᠪᠰᠢᠨ ᠢ ᠪᠠᠲᠤᠯᠠᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠨ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠪᠠ ᠬᠡᠮ ᠰᠣᠭᠤᠭ ᠢ ᠱᠠᠯᠠᠪᠳᠠᠨ ᠵᠠᠰᠠᠬᠤ ᠶᠢ ᠴᠢᠩᠭᠠᠳᠬᠠᠵᠤ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ᠂ ᠴᠢᠮᠡᠭᠡ ᠬᠤᠯᠪᠣᠭᠠᠨ ᠤ ᠲᠥᠬᠦᠭᠡᠷᠦᠮᠵᠢ ᠪᠡᠯᠡᠳᠬᠡᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠠᠭ ᠠᠭᠤᠷ ᠤᠨ ᠰᠡᠷᠡᠮᠵᠢᠯᠡᠭᠦᠯᠦᠯ ᠢ ᠴᠠᠭ ᠲᠤᠬᠠᠶ ᠳᠤᠨᠢ ᠶᠠᠪᠤᠭᠤᠯᠬᠤ ᠶᠢᠨ ᠬᠠᠮᠲᠤ ᠭᠠᠯ ᠤᠨᠲᠠᠷᠠᠭᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠤᠬᠠᠭᠤᠯᠵᠤ᠂ ᠥᠷᠭᠡᠨ ᠣᠯᠠᠨ ᠠᠷᠠᠳ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠵᠢᠵᠢᠭᠦᠷᠯᠡᠬᠦ ᠠᠵᠢᠯ ᠤᠨ ᠪᠡᠯᠡᠳᠭᠡᠯ ᠢ ᠴᠢᠩᠭᠠᠳᠬᠠᠵᠤ᠂ 24 ᠴᠠᠭ ᠢᠶᠠᠷ ᠲᠤᠰᠬᠠᠢ ᠬᠥᠮᠦᠨ ᠵᠢᠵᠢᠭᠦᠷᠯᠡᠬᠦ ᠪᠠ ᠤᠳᠤᠷᠢᠳᠤᠯᠭ᠎ᠠ ᠠᠵᠢᠯ ᠤᠨ ᠪᠠᠶᠢᠷᠢ ᠳᠠᠭᠠᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠤᠨ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠠᠵᠢᠯ ᠢ ᠨᠢᠭᠡᠳᠦᠯᠲᠡᠢ ᠲᠥᠯᠥᠪᠵᠢᠭᠦᠯᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠡᠯ᠎ᠡ ᠵᠦᠢᠯ ᠤᠨ ᠠᠵᠢᠯ ᠤᠨ ᠬᠡᠪ ᠤᠨ ᠠᠵᠢᠯᠯᠠᠭ᠎ᠠ ᠶᠢ ᠪᠠᠲᠤᠯᠠᠵᠤ᠂ ᠵᠢᠯᠣᠭᠤᠳᠤᠨ ᠲᠣᠬᠢᠷᠠᠭᠤᠯᠬᠤ ᠰᠠᠭᠠᠳ ᠦᠭᠡᠢ ᠨᠡᠪᠲᠡᠷᠡᠬᠦ᠂ ᠳᠠᠭᠠᠵᠤ ᠰᠢᠢᠳᠪᠦᠷᠢᠯᠡᠬᠦ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃    ᠬᠤᠷᠠᠯ ᠳᠡᠭᠡᠷ᠎ᠡ᠂ ᠯᠢ ᠢᠦᠶ ᠹᠦ᠋ ᠪᠥᠬᠦ ᠬᠤᠰᠢᠭᠤᠨ ᠤ ᠴᠠᠰᠤ ᠣᠷᠣᠵᠤ ᠳᠤᠯᠠᠭᠠᠨ ᠪᠠᠭᠤᠷᠠᠬᠤ ᠴᠠᠭ ᠠᠭᠤᠷ ᠢ ᠠᠷᠭᠠᠴᠠᠭᠠᠬᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠵᠢᠴᠢ ᠭᠠᠵᠠᠷ ᠳᠣᠤᠷᠠᠬᠢ ᠲᠡᠷᠭᠡᠨ ᠬᠥᠮᠥᠷᠭᠡ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠣᠷᠣᠨ ᠪᠦᠰᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠬᠤᠰᠢᠭᠤᠨ ᠤ ᠴᠠᠭ ᠠᠭᠤᠷ ᠤᠨ ᠲᠣᠪᠴᠢᠶ᠎ᠠ ᠲᠣᠰ ᠡᠭᠡᠯᠵᠢ ᠶᠢᠨ ᠴᠠᠰᠤ ᠣᠷᠤᠬᠤ ᠪᠠᠶᠢᠳᠠᠯ ᠤᠨ ᠲᠤᠬᠠᠶ ᠵᠠᠳᠠᠯᠤᠨ ᠮᠡᠳᠡᠭᠳᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号