1 ᠰᠠᠷ᠎ᠠ ᠶᠢᠨ 24 ᠤ ᠡᠳᠦᠷ᠂ ᠰᠢᠶᠠᠨᠵᠢᠨ ᠰᠤᠮᠤ ︽ᠴᠠᠭᠠᠨ ᠰᠠᠷ᠎ᠠ ᠶᠢ ᠤᠭᠲᠤᠬᠤ︾ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | ᠠᠵᠢᠯᠯᠠᠭ᠎ᠠ ᠳᠤᠮᠳᠠ᠂ ᠡᠯ᠎ᠡ ᠭᠠᠴᠠᠭ᠎ᠠ ᠲᠣᠰᠬᠤᠨ ᠤ ᠬᠢᠨ ᠨᠠᠮ ᠤᠨ ᠭᠡᠰᠢᠭᠦᠨ᠂ ᠣᠯᠠᠨ ᠲᠦᠮᠡᠨ᠂ ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ᠂ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ᠭᠠᠴᠠᠭ᠎ᠠ ᠲᠣᠰᠬᠤᠨ ᠤ ᠭᠤᠤᠯ | ᠵᠠᠮ᠂ ᠭᠤᠤᠯ ᠤᠨ ᠵᠠᠮ ᠭᠤᠤ ᠰᠤᠪᠠᠭ᠂ ᠨᠣᠭᠤᠭᠠᠷᠠᠭᠤᠯᠤᠯᠲᠠ ᠶᠢᠨ ᠪᠦᠰᠡ᠂ ᠬᠡᠷ ᠤᠨ ᠡᠮᠦᠨ᠎ᠡ ᠬᠤᠶᠢᠨ᠎ᠠ ᠵᠡᠷᠭᠡ | ᠭᠤᠤᠯᠳᠠᠯᠭ᠎ᠠ ᠲᠠᠢ ᠣᠷᠣᠨ ᠪᠦᠰᠡ ᠳᠤ ᠨᠡᠶᠢᠳᠡᠮ ᠳᠤᠨᠢ ᠶᠡᠭᠡ ᠴᠡᠪᠡᠷᠯᠡᠯᠲᠡ᠂ ᠶᠡᠭᠡ ᠴᠡᠭᠴᠡᠯᠡᠨ ᠵᠠᠰᠠᠯᠲᠠ ᠶᠢ | ᠥᠷᠨᠢᠭᠦᠯᠵᠦ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠪᠤᠵᠠᠷ ᠡᠪᠡᠰᠦ᠂ ᠬᠤᠭ ᠨᠣᠪᠰᠢ ᠣᠪᠣᠭᠠᠯᠠᠵᠤ ᠪᠠᠶᠢᠭ᠎ᠠ | ᠵᠡᠷᠭᠡ ᠶᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ | ᠣᠯᠠᠨ ᠲᠦᠮᠡᠨ ᠤ ᠤᠬᠠᠭᠤᠯᠤᠨ ᠬᠥᠲᠥᠯᠦᠨ ᠵᠢᠯᠣᠭᠤᠳᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ | ᠬᠤᠳᠠᠯᠳᠤᠭᠠᠨ ᠤ ᠡᠷᠦᠬᠡ ᠪᠠ ᠥᠷᠭᠡᠨ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠵᠠᠰᠠᠯᠲᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠪᠡ᠃ | | | |