1 ᠰᠠᠷ᠎ᠠ ᠶᠢᠨ 24 ᠤ ᠡᠳᠦᠷ᠂ ᠱᠦᠢᠴᠢᠤᠸᠠᠨ ᠰᠢᠶᠠᠩ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ | ᠰᠢᠶᠧ ᠰᠢᠨ᠂ ᠶᠢᠨ ᠲᠠᠢ ᠠᠭᠤᠷᠬᠠᠢ ᠶᠢᠨ ᠦᠢᠯᠡᠰ ᠤᠨ ᠠᠭᠤᠷᠬᠠᠢ ᠶᠢᠨ ᠨᠡᠭᠡᠭᠡᠨ ᠮᠠᠯᠲᠠᠬᠤ᠂ ᠡᠳ᠋ᠰᠢᠭᠦᠯᠬᠦ | ᠦᠢᠯᠡᠳᠪᠦᠷᠢ ᠶᠢᠨ ᠲᠠᠰᠤᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠬᠦᠷᠴᠦ᠂ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠲᠥᠬᠦᠭᠡᠷᠦᠮᠵᠢ ᠶᠢᠨ ᠠᠵᠢᠯᠯᠠᠭᠠᠨ | ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠥᠰᠦᠯ ᠢ ᠲᠣᠭᠲᠠᠭᠠᠭᠰᠠᠨ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠪᠠᠶᠠᠷ ᠤᠨ ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠵᠤ ᠪᠠᠶᠢᠭ᠎ᠠ ᠬᠥᠮᠦᠰ ᠢ | ᠨᠠᠷᠢᠨ ᠠᠰᠠᠭᠤᠨ ᠯᠠᠪᠯᠠᠵᠤ᠂ ᠵᠢᠵᠢᠭᠦᠷᠯᠡᠬᠦ ᠲᠤᠬᠢᠷᠠᠭᠤᠯᠤᠯᠳᠠ᠂ ᠠᠵᠢᠯᠳᠠᠨ ᠤ ᠲᠤᠬᠢᠷᠠᠭᠤᠯᠤᠯᠳᠠ᠂ ᠡᠳ᠋ ᠪᠣᠳᠠᠰ ᠤᠨ | ᠨᠥᠭᠡᠴᠡ ᠵᠡᠷᠭᠡ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠵᠢᠵᠢᠭᠦᠷᠯᠡᠬᠦ ᠰᠠᠬᠢᠯᠭ᠎ᠠ ᠪᠠᠲᠤ ᠶᠢ ᠭᠤᠣᠯᠳᠠᠯᠭ᠎ᠠ ᠲᠠᠢ | ᠴᠢᠬᠤᠯᠠᠴᠢᠯᠠᠵᠤ᠂ ᠡᠷᠬᠡᠪᠰᠢ 24 ᠴᠠᠭ ᠤᠨ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ | ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠢ ᠪᠠᠲᠤᠯᠠᠵᠤ᠂ ᠠᠵᠤ ᠠᠬᠤᠶᠢᠯᠠᠯ ᠤᠨ | ᠬᠡᠪ ᠤᠨ ᠠᠵᠢᠯᠯᠠᠭᠠᠨ ᠪᠠ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ | ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ | | | |