ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠳᠤ᠂ ᠠᠷᠪᠠᠨ | ᠭᠤᠷᠪᠠᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ | ᠪᠠᠶᠢᠴᠠᠭᠠᠯᠲᠠ ᠶᠢᠨ ᠬᠠᠷᠢᠭᠤ ᠲᠤᠰᠬᠠᠬᠤ ᠠᠵᠢᠯ ᠢ ᠨᠢᠭᠡᠨᠲᠡ ᠪᠦᠬᠦᠨ ᠢ ᠪᠡᠶᠡᠯᠡᠭᠦᠯᠪᠡ᠃ ᠬᠤᠰᠢᠭᠤᠨ ᠤ ᠨᠠᠮ ᠤᠨ | ᠬᠤᠷᠢᠶᠠᠨ ᠤ ᠲᠠᠪᠤᠨ ᠴᠠᠭᠳᠠᠨ ᠪᠠᠶᠢᠴᠠᠭᠠᠬᠤ ᠳᠤᠭᠤᠶᠢᠯᠠᠩ ᠨᠢ ᠲᠣᠰ ᠡᠭᠡᠯᠵᠢ ᠶᠢᠨ ᠴᠠᠭᠳᠠᠨ ᠪᠠᠶᠢᠴᠠᠭᠠᠭᠰᠠᠨ 15 | ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ ᠳᠤ ᠲᠤᠰ ᠲᠤᠰ ︽ᠨᠢᠭᠡ ᠳᠤ ᠨᠢᠭᠡ︾ ᠬᠠᠷᠢᠭᠤ | ᠲᠤᠰᠬᠠᠪᠠ᠃ | | | | | ᠴᠠᠭᠳᠠᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠯ᠎ᠡ ᠴᠠᠭᠳᠠᠨ ᠪᠠᠶᠢᠴᠠᠭᠠᠬᠤ | ᠳᠤᠭᠤᠶᠢᠯᠠᠩ ᠤᠨ ᠬᠢᠨ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ | ᠪᠠᠭ ᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠭᠰᠠᠨ ᠪᠥᠭᠡᠳ ᠴᠠᠭᠳᠠᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠠᠴᠠ ᠨᠠᠰᠢ᠂ ᠡᠯ᠎ᠡ ᠴᠠᠭᠳᠠᠨ ᠪᠠᠶᠢᠴᠠᠭᠠᠭᠳᠠᠬᠤ | ᠨᠠᠮ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠤᠰᠢᠭᠤᠨ ᠤ ᠨᠠᠮ ᠤᠨ | ᠬᠤᠷᠢᠶᠠᠨ ᠤ ᠭᠤᠤᠯ ᠠᠵᠢᠯ ᠤᠨ ᠲᠣᠭᠤᠷᠢᠨ ᠳᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ | ᠲᠠᠯ᠎ᠠ ᠪᠠᠷ ᠵᠣᠬᠢᠬᠤ ᠠᠮᠵᠢᠯᠲᠠ ᠣᠯᠤᠭᠰᠠᠨ ᠪᠠᠶᠢᠨ᠎ᠠ᠃ ᠭᠡᠪᠡᠴᠦ ᠴᠠᠭᠳᠠᠨ ᠪᠠᠶᠢᠴᠠᠭᠠᠬᠤ ᠶᠠᠪᠤᠴᠠ ᠳᠤ ᠪᠠᠰᠠ ᠵᠠᠷᠢᠮ | ᠠᠰᠠᠭᠤᠳᠠᠯ ᠢ ᠢᠯᠡᠷᠡᠭᠦᠯᠪᠡ᠂ ᠡᠭᠦᠨ ᠳᠤ ᠭᠤᠣᠯᠳᠠᠭᠤ᠄ ᠨᠠᠮ ᠤᠨ ᠲᠥᠪ ᠬᠤᠷᠢᠶᠠᠨ ᠤ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ | ᠵᠥᠷᠢᠶ᠎ᠡ ᠲᠠᠢ ᠪᠠᠶᠢᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠬᠠᠮᠰᠠᠷ ᠢ ᠴᠢᠩᠭᠠᠳᠬᠠᠬᠤ ᠴᠢᠬᠤᠯᠠᠲᠠᠢ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠵᠢᠷᠤᠮᠵᠢᠭᠤᠯᠬᠤ ᠲᠦᠪᠰᠢᠨ ᠢ ᠳᠡᠭᠡᠭᠰᠢᠯᠡᠭᠦᠯᠬᠦ | ᠴᠢᠬᠤᠯᠠᠲᠠᠢ ᠪᠠᠶᠢᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠪᠡᠯᠡ ᠮᠥᠩᠭᠦ ᠶᠢᠨ ᠬᠡᠷᠡᠭᠯᠡᠯᠲᠡ᠂ ᠠᠷᠠᠳ ᠤᠨ | ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠯ᠎ᠠ ᠪᠠᠷ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠃ | ᠡᠲᠡᠭᠡᠷ ᠠᠰᠠᠭᠤᠳᠠᠯ ᠳᠤ ᠴᠢᠭᠯᠡᠭᠦᠯᠦᠨ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠴᠠᠭᠳᠠᠨ | ᠪᠠᠶᠢᠴᠠᠭᠠᠭᠳᠠᠬᠤ ᠨᠢᠭᠡᠴᠢ ᠳᠤ ᠲᠣᠰ ᠲᠣᠰ ᠴᠡᠭᠴᠡᠯᠡᠨ ᠰᠠᠶᠢᠵᠢᠷᠠᠭᠤᠯᠬᠤ ᠪᠣᠳᠠᠲᠠᠶ ᠰᠠᠨᠠᠯ ᠪᠠ ᠰᠠᠨᠠᠭᠤᠯᠭ᠎ᠠ | ᠳᠤᠷᠠᠳᠪᠠ᠃ ᠴᠠᠭᠳᠠᠨ ᠪᠠᠶᠢᠴᠠᠭᠠᠭᠳᠠᠬᠤ ᠨᠢᠭᠡᠴᠢ ᠶᠢ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ | ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠨᠠᠮ ᠤᠨ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠵᠢᠴᠢ | ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠡᠷᠡᠰ ᠲᠤᠭᠤᠰᠢᠯᠠᠭᠤᠯᠬᠤ ᠬᠡᠷᠡᠭᠲᠡᠶ︔ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ ᠬᠥᠮᠦᠵᠢᠯ᠂ ᠬᠠᠮᠢᠶᠠᠷᠤᠯᠲᠠ ᠪᠠ ᠬᠢᠨᠠᠯᠲᠠ ᠶᠢ | ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ | ᠬᠡᠷᠡᠭᠲᠡᠢ︔ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ | ᠠᠮᠢᠳᠤᠷᠠᠯ ᠢ ᠲᠥᠪ ᠴᠢᠩᠭ᠎ᠠ ᠪᠣᠯᠭᠠᠵᠤ᠂ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ︔ | ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ | ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠴᠡᠭᠴᠡᠯᠡᠨ ᠰᠠᠶᠢᠵᠢᠷᠠᠭᠤᠯᠵᠤ᠂ ᠦᠨᠳᠦᠰᠦ ᠰᠤᠷᠪᠤᠯᠵᠢ ᠶᠢ ᠭᠦᠨ | ᠠᠭᠤᠳᠠᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠰᠠᠭᠤᠳᠠᠯ ᠤᠨ ᠳᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠢ ᠭᠡᠵᠦ | ᠱᠠᠭᠠᠷᠳᠠᠪᠠ᠃ | ᠡᠯ᠎ᠡ ᠴᠠᠭᠳᠠᠨ ᠪᠠᠶᠢᠴᠠᠭᠠᠭᠳᠠᠬᠤ ᠨᠢᠭᠡᠴᠢ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠴᠠᠭᠳᠠᠨ | ᠪᠠᠶᠢᠴᠠᠭᠠᠬᠤ ᠪᠠᠷ ᠠᠵᠠ ᠲᠣᠬᠢᠶᠠᠯ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠷᠡᠰ ᠰᠢᠭᠤᠷᠬᠠᠶ ᠣᠪᠣᠷ ᠪᠠ ᠬᠦᠴᠦᠲᠡᠶ | ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠨ᠎ᠠ᠃ | ᠡᠭᠦᠨ ᠤ ᠬᠠᠮᠲᠤ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠷᠲᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠪᠣᠳᠠᠲᠤ ᠦᠷ᠎ᠡ ᠪᠦᠲᠦᠮᠵᠢ | ᠣᠯᠬᠤ ᠶᠢ ᠪᠠᠲᠤᠯᠠᠨ᠎ᠠ ᠭᠡᠵᠡᠶ᠃ |