ᠣᠶᠢᠷ᠎ᠠ ᠶᠢᠨ ᠡᠳᠦᠷ ᠤᠳ ᠲᠤ᠂ ᠸᠠᠩ ᠸᠧᠶ᠂ ᠯᠢ ᠢᠦᠶ ᠹᠦ᠋᠂ ᠢᠦᠶ ᠮᠢᠩ ᠮᠢᠩ᠂ ᠵᠢᠶᠠᠩ ᠪᠥᠸᠧ᠂ ᠡᠤ | ᠲᠤᠤ᠂ ᠵᠢᠶ ᠱᠤᠸᠠᠩ ᠯᠢ ᠵᠡᠷᠭᠡ ᠬᠤᠰᠢᠭᠤᠨ ᠤ ᠤᠳᠤᠷᠢᠳᠤᠯᠭ᠎ᠠ ᠲᠣᠰ ᠲᠣᠰ ᠮᠠᠨ ᠤ ᠬᠤᠰᠢᠭᠤᠨ ᠤ ᠬᠡᠰᠡᠭ ᠰᠤᠮᠤ | ᠰᠢᠶᠠᠩ ᠪᠠᠯᠭᠠᠰᠤ᠂ ᠠᠵᠤ ᠠᠬᠤᠶᠢᠯᠠᠯ᠂ ᠬᠤᠳᠠᠯᠳᠤᠭ᠎ᠠ ᠬᠡᠲᠦ ᠳᠡᠯᠭᠡᠭᠦᠷ ᠲᠤ ᠭᠦᠨᠵᠡᠭᠡᠶᠢᠷᠡᠨ ᠪᠠᠶᠠᠷ ᠤᠨ | ᠡᠳᠦᠷ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ᠂ ᠠᠶᠤᠯᠭᠦᠶ ᠦᠢᠯᠡᠳᠪᠦᠷᠢᠯᠡᠯ᠂ ᠳᠤᠯᠠᠭᠠᠯᠠᠭ᠎ᠠ ᠶᠢᠨ | ᠪᠠᠲᠤᠯᠠᠭ᠎ᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠤ | ᠪᠠᠶᠢᠴᠠᠭᠠᠯᠲᠠ ᠦᠷᠨᠢᠭᠦᠯᠪᠡ᠃ | | | | | 1 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠸᠠᠩ ᠸᠧᠶ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢ | ᠢᠦᠶ ᠹᠦ᠋᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠢᠦᠶ ᠮᠢᠩ ᠮᠢᠩ᠂ | ᠡᠤ ᠲᠤᠤ ᠶᠢᠨ ᠪᠠᠷ᠎ᠠ ᠪᠤᠯᠤᠯᠭ᠎ᠠ ᠪᠠᠷ᠂ ᠤᠷᠢᠳ ᠬᠤᠵᠢᠳ ᠬᠤᠰᠢᠭᠤᠨ ᠤ ᠶᠡᠷᠦᠩᠬᠡᠶ ᠡᠮᠨᠡᠯᠭᠡ ᠶᠢᠨ ᠬᠤᠷᠢᠶᠠᠨ ᠤ | ᠮᠣᠩᠭᠤᠯ ᠡᠮᠨᠡᠯᠭᠡ ᠶᠢᠨ ᠬᠤᠷᠢᠶᠠᠨ ᠤ ᠲᠤᠭᠤᠷᠢᠭ᠂ ᠭᠤᠤᠯ ᠬᠤᠲᠠ ᠶᠢᠨ ᠲᠣᠭᠤᠷᠢᠭ ᠤᠨ ᠬᠤᠸᠠᠷ ᠫᠤᠤᠵᠢᠩ | ᠬᠤᠳᠠᠯᠳᠤᠬᠤ ᠭᠠᠵᠠᠷ᠂ ᠲᠦᠭᠦᠬᠡᠶ ᠰᠣᠷᠭᠤᠭ ᠢᠳᠡᠭᠡᠨ ᠤ ᠬᠡᠲᠦ ᠳᠡᠯᠭᠡᠭᠦᠷ᠂ ᠬᠦᠷᠢᠶ᠎ᠡ ᠬᠤᠰᠢᠭᠤᠨ ᠤ ᠬᠤᠩ | ᠶᠤᠸᠠᠨ ᠢᠯᠴᠢ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠵᠢᠵᠢᠭᠦᠷᠯᠡᠬᠦ ᠮᠠᠰᠢᠨ᠂ | ᠬᠦᠴᠢᠯᠲᠥ᠋ᠷᠥᠭᠴᠢ ᠶᠢᠨ ᠬᠡᠷᠡᠭᠯᠡᠭᠡᠨ ᠤ ᠲᠥᠬᠦᠭᠡᠷᠦᠮᠵᠢ᠂ ᠬᠤᠸᠠᠷ ᠫᠤᠤᠵᠢᠩ ᠡᠵᠡᠩᠨᠡᠬᠦ ︵ᠵᠢᠵᠢᠭᠯᠡᠨ ᠬᠤᠳᠠᠯᠳᠤᠬᠤ︶ | ᠵᠥᠪᠰᠢᠶᠡᠷᠡᠯ ᠤᠨ ᠦᠨᠡᠮᠯᠡᠯ᠂ ᠭᠠᠯ ᠤᠨᠲᠠᠷᠠᠭᠠᠬᠤ ᠪᠡᠯᠡᠳᠬᠡᠮᠵᠢ ᠲᠣᠬᠢᠷᠠᠭᠤᠯᠬᠤ᠂ ᠭᠠᠯ ᠤᠨᠲᠠᠷᠠᠭᠠᠬᠤ ᠨᠡᠪᠲᠡᠷᠡᠬᠦ | ᠵᠠᠮ ᠤᠨ ᠬᠠᠮᠢᠶᠠᠷᠤᠯᠲᠠ᠂ ᠢᠯᠴᠢ ᠬᠠᠩᠭᠠᠬᠤ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠭᠰᠠᠨ ᠵᠡᠷᠭᠡ | ᠪᠠᠶᠢᠳᠠᠯ ᠢ ᠨᠢᠭᠡᠳ ᠨᠢᠭᠡ ᠪᠠᠷ ᠪᠠᠶᠢᠴᠠᠭᠠᠪᠠ᠃ | ᠸᠠᠩ ᠸᠧᠶ ᠴᠢᠬᠤᠯᠠᠴᠢᠯᠠᠭᠰᠠᠨ ᠨᠢ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ | ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠯ᠎ᠡ ᠲᠠᠯ᠎ᠠ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ | ᠪᠠᠲᠤᠯᠠᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠤᠸᠠᠷ ᠫᠤᠤᠵᠢᠩ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠡᠳᠦᠷ ᠲᠤᠲᠤᠮ ᠤᠨ ᠠᠮᠤᠷ ᠲᠦᠪᠰᠢᠨ ᠤ ᠪᠠᠶᠢᠴᠠᠭᠠᠯᠲᠠ | ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠨ᠂ ᠮᠠᠨ ᠤ ᠬᠤᠰᠢᠭᠤᠨ ᠤ ᠬᠤᠸᠠᠷ | ᠫᠤᠤᠵᠢᠩ ᠤᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ | ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠴᠠᠭᠠᠨ | ᠰᠠᠷ᠎ᠠ ᠶᠢᠨ ᠬᠤᠭᠤᠴᠠᠭᠠᠨ ᠳᠠᠬᠢ ᠢᠳᠡᠭᠡᠨ ᠤ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠡᠷᠴᠢᠮ ᠢ ᠴᠢᠩᠭᠠᠷᠠᠭᠤᠯᠵᠤ᠂ ᠢᠳᠡᠭᠡᠨ ᠤ ᠵᠦᠢᠯ ᠤᠨ ᠬᠢᠵᠢᠭ ᠤᠨ ᠰᠢᠯᠭᠠᠨ ᠪᠠᠶᠢᠴᠠᠭᠠᠯᠲᠠ ᠶᠢ ᠰᠠᠶᠢᠲᠤᠷ ᠬᠢᠵᠦ᠂ | ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠮᠤᠷ ᠲᠦᠪᠰᠢᠨ ᠤ | ᠤᠬᠠᠮᠰᠠᠷ ᠢᠶᠠᠨ ᠴᠢᠩᠭᠠᠳᠬᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠮᠤᠷ ᠲᠦᠪᠰᠢᠨ ᠤ | ᠰᠡᠷᠭᠡᠶᠢᠯᠡᠯᠲᠡ ᠶᠢᠨ ᠠᠵᠢᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ | ᠰᠣᠭᠤᠭ ᠢ ᠦᠨᠡᠨ ᠬᠦ ᠠᠷᠢᠯᠭᠠᠵᠤ᠂ ᠮᠠᠨ ᠤ ᠬᠤᠰᠢᠭᠤᠨ ᠤ ᠥᠷᠭᠡᠨ ᠣᠯᠠᠨ ᠲᠦᠮᠡᠨ ᠤ ᠠᠮᠤᠷ ᠲᠦᠪᠰᠢᠨ᠂ | ᠥᠯᠵᠡᠶ ᠪᠡᠯᠭᠡ ᠲᠠᠢ᠂ ᠵᠣᠯ ᠵᠢᠷᠭᠠᠯ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃ |