ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/27
    1 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠵᠤ᠂ ᠬᠤᠷᠠᠯ ᠠᠴᠠ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ ᠤ ᠬᠤᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠷᠬᠠᠯᠲᠠ ᠵᠢᠴᠢ ᠣᠨᠴᠠᠯᠢᠭ ᠪᠠ ᠠᠭᠤᠷᠬᠠᠶ ᠡᠷᠢᠵᠦ ᠠᠭᠤᠷᠬᠠᠶ ᠬᠠᠶᠢᠬᠤ ᠬᠠᠮᠢᠶ᠎ᠠ ᠪᠥᠬᠦᠶ ᠮᠡᠳᠡᠯᠭᠡ ᠲᠠᠢ ᠤᠶᠠᠯᠳᠤᠭᠤᠯᠤᠨ᠂ ᠬᠤᠰᠢᠭᠤᠨ ᠤ ᠨᠠᠮ ᠤᠨ ᠬᠤᠷᠢᠶᠠᠨ ᠤ ᠠᠵᠤ ᠦᠢᠯᠡᠳᠪᠦᠷᠢ ᠪᠠᠷ ᠬᠤᠰᠢᠭᠤ ᠪᠠᠨ ᠪᠠᠶᠠᠵᠢᠭᠤᠯᠬᠤ ᠬᠠᠷᠠᠯᠲᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠭᠤᠷᠬᠠᠶ ᠶᠢ ᠡᠷᠢᠬᠦ ᠰᠢᠪᠲᠤᠯᠤᠯᠲᠠ ᠶᠢ ᠲᠦᠷᠭᠡᠳᠬᠡᠨ ᠠᠬᠢᠭᠤᠯᠵᠤ᠂ ᠡᠬᠢ ᠪᠠᠶᠠᠯᠢᠭ ᠤᠨ ᠪᠠᠶᠢᠳᠠᠯ ᠢ ᠲᠣᠳᠣᠷᠬᠠᠶ ᠣᠶᠢᠯᠠᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠡᠨᠧᠷᠭᠢ ᠣᠯᠭᠤᠨ᠎ᠠ᠃    ᠬᠤᠰᠢᠭᠤᠨ ᠤ ᠤᠳᠤᠷᠢᠳᠤᠯᠭ᠎ᠠ ᠵᠧᠤ ᠯᠢᠶᠠᠩ ᠶᠤᠸᠠᠨ᠂ ᠸᠠᠩ ᠸᠧᠶ᠂ ᠵᠠᠩ ᠬᠠᠨ ᠰᠥᠩ᠂ ᠯᠢ ᠢᠦᠶ ᠹᠦ᠋᠂ ᠯᠢ ᠴᠦᠨ ᠾᠧ᠂ ᠵᠢᠶᠠᠩ ᠪᠥᠸᠧ᠂ ᠡᠤ ᠲᠤᠤ ᠵᠢᠴᠢ ᠥᠪᠥᠷ ᠮᠣᠩᠭᠤᠯ ᠤᠨ ᠳᠥᠷᠪᠡᠳᠦᠭᠡᠷ ᠤᠰᠤᠨ ᠤ ᠭᠠᠵᠠᠷ ᠰᠢᠨᠵᠢᠯᠡᠭᠡᠨ ᠤ ᠢᠨᠵᠧᠨᠧᠷᠢᠩ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦ ᠬᠤᠶ ᠶᠦᠩ ᠵᠡᠷᠭᠡ ᠬᠠᠮᠢᠶ᠎ᠠ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠬᠠᠨ ᠰᠥᠩ ᠡᠷᠭᠢᠯᠡᠪᠡ᠃    ᠬᠤᠷᠠᠯ ᠳᠡᠭᠡᠷ᠎ᠡ᠂ ᠥᠪᠥᠷ ᠮᠣᠩᠭᠤᠯ ᠤᠨ ᠳᠥᠷᠪᠡᠳᠦᠭᠡᠷ ᠤᠰᠤᠨ ᠤ ᠭᠠᠵᠠᠷ ᠰᠢᠨᠵᠢᠯᠡᠭᠡᠨ ᠤ ᠢᠨᠵᠧᠨᠧᠷᠢᠩ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠠᠩ ᠳ᠋ᠧ ᠪᠦᠦ ︽ᠬᠦᠷᠢᠶ᠎ᠡ ᠬᠤᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠯᠳᠠ ᠬᠦᠴᠦᠨ ᠤ ᠵᠠᠳᠠᠯᠤᠯᠲᠠ︾ ᠪᠠᠷ ᠰᠡᠳᠦᠪ ᠪᠣᠯᠭᠠᠵᠤ᠂ ᠬᠤᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠷᠬᠠᠯᠲᠠ ᠵᠢᠴᠢ ᠣᠨᠴᠠᠯᠢᠭ᠂ ᠭᠠᠵᠠᠷ ᠰᠢᠨᠵᠢᠯᠡᠭᠡᠨ ᠤ ᠨᠥᠬᠦᠴᠡᠯ᠂ ᠠᠭᠤᠷᠬᠠᠶ ᠡᠷᠢᠬᠦ᠂ ᠠᠭᠤᠷᠬᠠᠶ ᠬᠠᠶᠢᠬᠤ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠨᠢ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠰᠠᠭᠤᠷᠢ ᠪᠣᠯᠤᠭᠰᠠᠨ ᠤ ᠬᠤᠪᠢ ᠳᠤ᠂ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠬᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠳᠤ ᠣᠷᠣᠯᠠᠭᠤᠯᠵᠤ ᠪᠣᠯᠤᠰᠢ ᠦᠭᠡᠢ ᠦᠢᠯᠡᠳᠦᠯ ᠲᠠᠢ ᠶᠤᠮ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠲᠤᠰ ᠤᠳᠠᠭᠠᠨ ᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠠᠭᠤᠷᠬᠠᠢ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠠᠭᠤᠷᠬᠠᠢ ᠶᠢᠨ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠦᠵᠡᠯ ᠰᠠᠨᠠᠭ᠎ᠠ ᠪᠠᠨ ᠨᠢᠭᠡᠳᠬᠡᠨ᠂ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠠᠭᠤᠷᠬᠠᠢ ᠶᠢᠨ ᠭᠠᠷᠤᠯᠲᠠ ᠶᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠬᠠᠮᠲᠤᠪᠠᠷ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号