1 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠧᠦ ᠯᠢᠶᠠᠩ ᠶᠤᠸᠠᠨ ᠪᠥᠬᠦ | ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠢ ᠡᠷᠭᠢᠯᠡᠨ ᠬᠤᠷᠠᠯᠳᠤᠭᠤᠯᠵᠤ᠂ ᠲᠦᠩᠯᠢᠶᠣᠤ ᠬᠤᠲᠠ ᠶᠢᠨ ︽ᠬᠤᠶᠠᠷ | ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠸᠠᠩ ᠸᠧᠶ᠂ ᠸᠠᠩ ᠬᠦᠶ ᠯᠠᠨ᠂ ᠪᠠᠶ ᠴᠢᠩ ᠱᠠᠨ᠂ ᠵᠠᠩ ᠬᠠᠨ ᠰᠦᠩ ᠵᠡᠷᠭᠡ | ᠬᠤᠰᠢᠭᠤᠨ ᠤ ᠳᠥᠷᠪᠡᠨ ᠪᠠᠶᠢᠭᠤᠯᠭ᠎ᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ | | | | | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠤᠨ ᠲᠦᠩᠯᠢᠶᠣᠤ ᠬᠤᠲᠠ ᠶᠢᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯᠳᠤᠭᠠᠨ ᠤ ᠬᠦᠷᠢᠶ᠎ᠡ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠬᠤ | ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠤᠨ ᠵᠣᠷᠢᠭ ᠰᠠᠨᠠᠭ᠎ᠠ᠂ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠪᠠ ᠤᠯᠤᠰ ᠲᠥᠷᠥ ᠶᠢᠨ | ᠵᠥᠪᠯᠡᠯᠭᠡᠨ ᠤ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ | ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠵᠧᠦ ᠯᠢᠶᠠᠩ ᠶᠤᠸᠠᠨ ᠴᠢᠬᠤᠯᠠᠴᠢᠯᠠᠭᠰᠠᠨ ᠨᠢ᠂ ᠵᠣᠭᠰᠣᠴᠠ ᠪᠠᠨ ᠳᠡᠭᠡᠭᠰᠢᠯᠡᠭᠦᠯᠦᠨ ᠰᠤᠷᠤᠯᠴᠠᠯᠭ᠎ᠠ ᠶᠢ | ᠠᠳᠬᠤᠵᠤ᠂ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠬᠤ ᠬᠡᠷᠡᠭᠲᠡᠢ᠃ ᠪᠥᠬᠦ | ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ | ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠪᠥᠬᠦ | ᠬᠤᠰᠢᠭᠤ ᠪᠠᠷ ᠢᠶᠠᠨ ᠦᠳᠲᠡᠷ ᠲᠦᠷᠭᠡᠨ ᠬᠥᠳᠡᠯᠦᠯᠴᠡᠵᠦ᠂ ᠥᠨᠳᠥᠷ ᠵᠣᠭᠰᠣᠴᠠ ᠠᠴᠠ ᠰᠤᠷᠤᠯᠴᠠᠯᠭ᠎ᠠ ᠶᠢ | ᠠᠳᠬᠤᠵᠤ᠂ ᠪᠥᠬᠦ ᠲᠠᠯ᠎ᠠ ᠪᠠᠷ ᠤᠬᠠᠭᠤᠯᠭ᠎ᠠ ᠶᠢ ᠠᠳᠬᠤᠵᠤ᠂ ᠨᠢᠭᠡᠳᠦᠯᠲᠡᠶ ᠲᠥᠯᠦᠪᠯᠡᠬᠦ ᠶᠢ ᠴᠢᠩᠭᠠᠳᠬᠠᠨ ᠠᠷᠭ᠎ᠠ | ᠰᠦᠪᠡᠭᠴᠢᠯᠡᠬᠦ ᠶᠢ ᠠᠳᠬᠤᠵᠤ᠂ ᠪᠥᠬᠦ ᠬᠤᠲᠠ ᠶᠢᠨ ︽ᠬᠤᠶᠠᠷ ᠬᠤᠷᠠᠯ︾ ᠤᠨ ᠠᠵᠢᠯ ᠤᠨ ᠬᠠᠷᠠᠯᠲᠠ ᠪᠠ | ᠡᠭᠦᠷᠭᠡ ᠶᠢᠨ ᠱᠠᠭᠠᠷᠳᠠᠯᠭ᠎ᠠ ᠶᠢ ᠬᠦᠷᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ | ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃ ᠪᠠᠷᠢᠮᠵᠢᠶᠠᠯᠠᠨ ᠬᠠᠷᠭᠤᠭᠤᠯᠵᠤ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠪᠥᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠪᠥᠬᠦ ᠵᠢᠯ ᠤᠨ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ | ᠭᠤᠤᠯ ᠰᠢᠵᠢᠮ ᠢ ᠲᠤᠭᠤᠰᠢᠯᠠᠭᠤᠯᠤᠨ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠦᠨ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠵᠦ᠂ ᠡᠬᠢ ᠪᠠᠶᠠᠯᠢᠭ ᠢ ᠲᠡᠮᠡᠴᠡᠨ | ᠤᠯᠬᠤ᠂ ᠬᠥᠭᠵᠢᠯᠲᠡ ᠶᠢ ᠲᠦᠷᠭᠡᠳᠬᠡᠬᠦ᠂ ᠠᠵᠤ ᠦᠢᠯᠡᠰ ᠢᠶᠠᠷ ᠰᠠᠭᠤᠷᠢ ᠶᠢ ᠬᠦᠴᠦᠷᠬᠡᠭᠵᠢᠭᠦᠯᠬᠦ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠮᠲᠤ ᠪᠠᠷ ᠪᠠᠶᠠᠵᠢᠵᠤ ᠰᠢᠯᠢᠳᠡᠭᠵᠢᠬᠦᠯᠦᠨ ᠡᠳ᠋ᠯᠡᠬᠦ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ᠂ ︽ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ᠂ ᠲᠠᠷᠢᠶᠠᠯᠠᠩ | ᠮᠠᠯ ᠠᠵᠤ ᠠᠬᠤᠶ ᠪᠠᠷ ᠬᠤᠰᠢᠭᠤ ᠪᠠᠨ ᠲᠤᠭᠲᠠᠪᠤᠷᠢᠵᠢᠭᠤᠯᠬᠤ᠂ ᠰᠣᠶᠣᠯ ᠵᠢᠭᠤᠯᠴᠢᠯᠠᠯ ᠢᠶᠠᠷ ᠬᠤᠰᠢᠭᠤ ᠪᠠᠨ | ᠮᠠᠨᠳᠤᠭᠤᠯᠬᠤ᠂ ᠠᠵᠤ ᠦᠢᠯᠡᠳᠪᠦᠷᠢ ᠪᠠᠷ ᠬᠤᠰᠢᠭᠤ ᠪᠠᠨ ᠪᠠᠶᠠᠵᠢᠭᠤᠯᠬᠤ︾ ᠶᠢ ᠲᠠᠰᠤᠷᠠᠯᠲᠠ ᠥᠬᠡᠶ ᠰᠢᠨ᠎ᠡ | ᠠᠬᠢᠴᠠ ᠲᠠᠢ ᠪᠣᠯᠭᠠᠬᠤ ᠶᠢ ᠠᠬᠢᠭᠤᠯᠤᠨ᠎ᠠ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠣᠳᠠᠲᠠᠢ | ᠠᠵᠢᠯᠯᠠᠬᠤ ᠶᠢ ᠠᠳᠬᠤᠵᠤ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠬᠤ ᠬᠡᠷᠡᠭᠲᠡᠢ᠃ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠨᠢ ᠪᠥᠬᠦ | ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠴᠢᠬᠤᠯᠠ ᠡᠭᠦᠷᠭᠡ ᠪᠣᠯᠬᠤ ᠪᠠᠷ | ᠪᠠᠷᠠᠬᠤ ᠥᠬᠡᠶ᠂ ᠪᠠᠰᠠ ᠴᠤ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ | ᠠᠬᠢᠭᠤᠯᠬᠤ ᠴᠢᠬᠤᠯᠠ ᠪᠠᠲᠤᠯᠠᠭ᠎ᠠ ᠮᠥᠨ᠂ ᠡᠯ᠎ᠡ ᠱᠠᠲᠤᠨ ᠤ ᠨᠠᠮ ᠤᠨ ᠬᠤᠷᠢᠶ᠎ᠠ ᠪᠥᠬᠦ ᠲᠠᠯ᠎ᠠ ᠶᠢ ᠶᠡᠷᠦᠩᠬᠡᠶᠢᠯᠡᠨ | ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ | ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠶᠢᠨ ᠬᠠᠤᠯᠢ ᠲᠦᠷᠢᠮ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠶᠢ ᠳᠡᠮᠵᠢᠨ ᠪᠠᠲᠤᠯᠠᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠵᠣᠬᠢᠴᠠᠩᠭᠤᠶ ᠨᠢᠭᠡᠳᠦᠯᠲᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ ᠭᠡᠪᠡ᠃ | ᠵᠧᠦ ᠯᠢᠶᠠᠩ ᠶᠤᠸᠠᠨ ᠴᠢᠬᠤᠯᠠᠴᠢᠯᠠᠭᠰᠠᠨ ᠨᠢ᠂ ᠡᠨᠡ ᠤᠳᠠᠭᠠᠨ ᠤ ᠪᠦᠬᠦ ᠬᠤᠲᠠ ᠶᠢᠨ ︽ᠬᠤᠶᠠᠷ ᠬᠤᠷᠠᠯ︾ | ᠤᠨ ᠬᠤᠷᠠᠯᠳᠤᠭᠰᠠᠨ ᠨᠢ ᠡᠨᠡ ᠵᠢᠯ ᠤᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠳᠤ ᠳᠠᠭᠠᠷᠢᠯᠲᠠ ᠶᠢᠨ ᠪᠦᠷᠢᠶ᠎ᠡ | ᠦᠯᠢᠶᠡᠵᠦ᠂ ᠪᠠᠶᠢᠯᠳᠤᠭᠠᠨ ᠤ ᠬᠡᠩᠭᠡᠷᠭᠡ ᠶᠢ ᠳᠡᠯᠡᠳᠪᠡ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ | ︽ᠪᠢ ᠪᠣᠰᠤᠳ ᠲᠤ ᠬᠦᠷᠬᠦ ᠥᠬᠡᠶ︾ ᠭᠡᠬᠦ ᠪᠣᠳᠣᠯ ᠢ ᠡᠷᠡᠰ ᠲᠠᠶᠠᠭᠳᠠᠵᠤ᠂ ︽ᠲᠡᠷᠢᠭᠦᠨ ᠤ ᠬᠢ ᠶᠢ ᠡᠭᠦᠳᠴᠦ | ᠰᠢᠯᠢᠳᠡᠭ ᠪᠣᠯᠬᠤ ᠪᠠᠷ ᠴᠢᠷᠮᠠᠶᠢᠬᠤ︾ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︽ᠬᠥᠳᠡᠯᠦᠮᠡᠭᠴᠡ ᠰᠢᠪᠲᠤᠯᠤᠯᠲᠠ | ᠬᠢᠵᠦ᠂ ᠡᠬᠢᠯᠡᠮᠡᠭᠴᠡ ᠰᠢᠢᠳᠪᠦᠷᠢᠲᠦ ᠪᠠᠶᠢᠯᠳᠤᠭᠠᠨ ᠬᠢᠬᠦ︾ ᠪᠠᠶᠢᠳᠠᠯ ᠢ ᠪᠣᠶ ᠪᠣᠯᠭᠠᠵᠤ᠂ ᠤᠷᠢᠳᠴᠢᠯᠠᠨ ᠵᠠᠪᠳᠤᠨ | ᠠᠳᠬᠤᠵᠤ᠂ ᠲᠥᠯᠦᠪᠯᠡᠭᠡ ᠲᠤᠭᠲᠠᠮᠠᠭᠴᠠ ᠲᠦᠷᠭᠡᠨ ᠬᠥᠳᠡᠯᠦᠯᠴᠡᠵᠦ᠂ ᠠᠩᠬᠠᠨ ᠤ ᠤᠯᠠᠷᠢᠯ ᠤᠨ ︽ᠰᠠᠶᠢᠨ | ᠡᠬᠢᠯᠡᠯᠲᠡ︾ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠪᠥᠬᠦ ᠵᠢᠯ ᠤᠨ ︽ᠤᠯᠠᠷᠢᠯ ᠪᠦᠬᠦᠨ ᠳᠤ ᠰᠠᠶᠢᠨ | ᠪᠠᠶᠢᠬᠤ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠡᠶ᠎ᠡ ᠪᠠᠷ ᠢᠶᠠᠨ ᠬᠡᠪ | ᠲᠦᠷᠢᠮ ᠪᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ᠲᠦᠷᠦᠭᠦᠯᠡᠨ ᠦᠵᠡᠯ ᠰᠠᠨᠠᠭ᠎ᠠ ᠪᠠᠨ | ᠴᠢᠯᠥᠭᠡᠯᠡᠵᠦ᠂ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠭᠡᠯ ᠤᠨ ᠤᠬᠠᠮᠰᠠᠷ᠂ ᠲᠠᠩᠰᠠ ᠮᠡᠳᠡᠭᠦᠯᠬᠦ | ᠤᠬᠠᠮᠰᠠᠷ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠠᠵᠢᠯ ᠢᠶᠠᠨ ᠪᠣᠳᠠᠲᠠᠢ ᠬᠢᠵᠦ᠂ ᠦᠨᠡᠨ ᠬᠦ | ᠬᠢᠵᠦ᠂ ᠦᠷ᠎ᠡ ᠳ᠋ᠦᠩ ᠢᠶᠠᠷ ᠦᠭᠡ ᠬᠡᠯᠡᠵᠦ᠂ ᠪᠣᠳᠠᠲᠤ ᠠᠮᠵᠢᠯᠲᠠ ᠪᠠᠷ ᠢᠶᠠᠨ ᠰᠢᠯᠭᠠᠯᠲᠠ ᠲᠤᠰᠢᠶᠠᠵᠤ᠂ ᠪᠦᠬᠦ | ᠬᠤᠳᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠬᠦᠷᠢᠶ᠎ᠡ ᠳᠤ ᠡᠯᠪᠡᠭ ᠪᠠᠶᠠᠯᠢᠭ ᠦᠷ᠎ᠡ ᠪᠦᠲᠦᠭᠡᠯ | ᠣᠯᠭᠤᠬᠤ ᠬᠡᠷᠡᠭᠲᠡᠢ ᠭᠡᠪᠡ᠃ |