ᠬᠡᠦᠬᠡᠳ ᠤᠨ ᠰᠢᠳᠤᠨ ᠤ ᠬᠠᠨᠳᠠ ᠶᠢᠨ ᠪᠦᠲᠦᠭᠡᠭᠳᠡᠬᠦᠨ ᠢ ᠬᠡᠷᠬᠢᠨ ᠰᠤᠩᠭᠤᠬᠤ ᠪᠤᠢ︖
ᠨᠡᠶᠢᠲᠡᠯᠡᠭᠰᠡᠨ ᠴᠠᠭ᠄
2025/1/3
    ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠠᠴᠠ ᠤᠶᠢᠯᠠᠭᠠᠭᠰᠠᠨ ᠢᠶᠠᠷ᠂ 2024 ᠣᠨ ᠤ ᠳᠣᠣᠷ᠎ᠠ ᠬᠠᠭᠠᠰ ᠵᠢᠯ ᠳᠤ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠠᠴᠠ ᠵᠠᠬ᠎ᠠ ᠳᠡᠯᠭᠡᠭᠦᠷ ᠳᠡᠭᠡᠷ᠎ᠡ ᠦᠷᠭᠦᠯᠵᠢ ᠬᠠᠷᠠᠭᠳᠠᠳᠠᠭ 25 ᠵᠦᠢᠯ ᠤᠨ ᠬᠡᠦᠬᠡᠳ ᠤᠨ ᠰᠢᠳᠤᠨ ᠤ ᠬᠠᠨᠳᠠ ᠶᠢᠨ ᠪᠦᠲᠦᠭᠡᠭᠳᠡᠬᠦᠨ ᠳᠤ ᠲᠤᠷᠰᠢᠯᠲᠠ ᠬᠢᠬᠦ ᠪᠠᠷ ᠦᠯᠢᠭᠡᠷ ᠡᠳ᠋ ᠢ ᠲᠤᠰ ᠲᠤᠰ ᠪᠤᠳᠠᠳᠤ ᠠᠬᠤᠢ ᠪᠤᠯᠤᠨ ᠰᠦᠯᠵᠢᠶᠡᠨ ᠳᠡᠭᠡᠷ᠎ᠡ ᠣᠯᠠᠨ ᠠᠷᠭ᠎ᠠ ᠵᠠᠮ ᠢᠶᠠᠷ ᠬᠤᠳᠠᠯᠳᠤᠨ ᠠᠪᠴᠠᠢ᠃ ᠲᠣᠰ ᠤᠳᠠᠭᠠᠨ ᠤ ᠲᠣᠷᠰᠢᠯᠲᠠ ᠶᠢ ᠳᠤᠮᠳᠠᠳᠤ ᠤᠯᠤᠰ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠢᠨᠵᠢᠯᠡᠬᠦ  ᠤᠬᠠᠭᠠᠨ ᠤ ᠰᠣᠳᠤᠯᠭᠠᠨ ᠤ ᠬᠦᠷᠢᠶᠡᠯᠡᠩ ᠤᠨ ᠵᠠᠰᠠᠯ ᠴᠢᠮᠡᠭᠯᠡᠯ ᠤᠨ ᠡᠳ᠋ ᠤᠨ ᠮᠡᠷᠭᠡᠵᠢᠯ ᠶᠢᠨ ᠲᠥᠪ ᠲᠤ ᠨᠠᠶᠢᠳᠠᠵᠤ᠂ ᠥᠯᠢᠭᠡᠷ ᠡᠳ᠋ ᠤᠨ ᠳᠣᠲᠣᠷᠠᠬᠢ ᠹᠯᠣᠷ ᠤᠨ ᠠᠭᠤᠯᠤᠭᠳᠠᠴᠠ᠂ ᠬᠤᠤᠷᠳᠦ ᠡᠳ᠋᠂ ᠬᠥᠭᠡᠰᠦᠷᠡᠭᠦᠯᠦᠭᠴᠢ ᠡᠳ᠋᠂ ᠦᠯᠦ ᠢᠯᠵᠢᠷᠠᠬᠦᠯᠬᠦ ᠡᠳ᠋ ᠲᠤ ᠰᠢᠯᠭᠠᠨ ᠪᠠᠶᠢᠴᠠᠭᠠᠯᠲᠠ ᠬᠢᠪᠠ᠃ ᠶᠡᠷᠦᠩᠬᠡᠶᠢᠯᠡᠭᠰᠡᠨ ᠲᠣᠷᠰᠢᠯᠲᠠ ᠶᠢᠨ ᠦᠷ᠎ᠡ ᠳ᠋ᠥᠩ ᠳᠤ᠂ ᠬᠡᠦᠬᠡᠳ ᠤᠨ ᠰᠢᠳᠤᠨ ᠤ ᠬᠠᠨᠳᠠ ᠶᠢᠨ ᠪᠦᠳᠤᠬᠡᠭᠳᠡᠬᠦᠨ ᠪᠤᠯᠭᠠᠨ ᠨᠢ ᠲᠣᠷᠰᠢᠯᠲᠠ ᠪᠠᠷ ᠲᠠᠮᠵᠢᠨ ᠬᠤᠣᠷᠳᠣ ᠪᠦᠷᠢᠯᠳᠦᠭᠦᠨ ᠪᠣᠯᠣᠨ ᠦᠯᠤ ᠢᠯᠵᠢᠷᠡᠬᠦᠯᠬᠦ ᠡᠳ᠋ ᠵᠡᠷᠭᠡ ᠶᠢ ᠪᠠᠶᠢᠴᠠᠭᠠᠨ ᠤᠯᠤᠭᠰᠠᠠ ᠦᠬᠡᠢ᠃ ᠡᠨᠡ ᠬᠦ ᠲᠣᠷᠰᠢᠯᠲᠠ ᠨᠢ ᠹᠯᠣᠷ ᠤᠨ ᠠᠭᠤᠯᠤᠭᠳᠠᠴᠠ᠂ ᠬᠥᠭᠡᠰᠦᠷᠡᠭᠦᠯᠦᠭᠴᠢ ᠡᠳ᠋ ᠤᠨ ᠬᠡᠮᠵᠢᠶ᠎ᠠ ᠨᠢ ᠴᠦ ᠣᠯᠣᠰ ᠤᠨ ᠪᠠᠷᠢᠮᠵᠢᠶ᠎ᠠ ᠶᠢᠨ ᠬᠢᠵᠠᠭᠠᠷᠯᠠᠭᠰᠠᠠ ᠳᠤᠭ᠎ᠠ ᠠᠴᠠ ᠬᠡᠳᠤᠷᠡᠭᠰᠡᠡ ᠦᠬᠡᠢ᠂ ᠪᠦᠷ ᠤᠯᠤᠰ ᠤᠨ ᠪᠠᠷᠢᠮᠵᠢᠶ᠎ᠠ ᠲᠤ ᠨᠡᠶᠢᠴᠡᠪᠠ᠃    ᠲᠣᠰ ᠤᠳᠠᠭᠠᠨ ᠤ ᠲᠣᠷᠰᠢᠯᠲᠠ ᠬᠢᠭᠰᠡᠨ 25 ᠵᠦᠢᠯ ᠤᠨ ᠬᠡᠦᠬᠡᠳ ᠤᠨ ᠰᠢᠳᠤᠨ ᠤ ᠬᠠᠨᠳᠠ ᠶᠢᠨ ᠪᠦᠳᠤᠬᠡᠭᠳᠡᠬᠦᠨ ᠨᠢ ᠴᠥᠮ ᠠᠮᠤᠷ ᠲᠦᠪᠰᠢᠨ ᠴᠢᠨᠠᠷ ᠢᠶᠠᠷ ᠰᠠᠶᠢᠨ ᠪᠠᠶᠢᠳᠠᠯ ᠪᠠᠶᠢᠬᠤ ᠪᠤᠯᠪᠠᠴᠤ ᠰᠣᠩᠭᠤᠨ ᠬᠤᠳᠠᠯᠳᠤᠨ ᠠᠪᠬᠤ ᠪᠠ ᠡᠳᠦᠷ ᠲᠤᠲᠤᠮ ᠤᠨ ᠪᠣᠳᠠᠲᠠᠶ ᠬᠡᠷᠡᠭᠯᠡᠭᠡᠨ ᠤ ᠳᠤᠮᠳᠠ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠠᠴᠠ ᠥᠷᠭᠡᠨ ᠣᠯᠠᠨ ᠭᠡᠷ ᠤᠨ ᠠᠬᠠᠮᠠᠳ ᠲᠤ ᠳᠣᠣᠷᠠᠬᠢ ᠬᠡᠳᠦᠨ ᠲᠠᠯ᠎ᠠ ᠶᠢ ᠠᠩᠬᠠᠷᠬᠤ ᠶᠢ ᠰᠠᠨᠠᠭᠤᠯᠪᠠ᠄    1. ᠵᠦᠪ ᠠᠷᠭ᠎ᠠ ᠵᠠᠮ ᠢ ᠰᠤᠩᠭᠤᠵᠤ ᠪᠦᠳᠤᠬᠡᠭᠳᠡᠬᠦᠨ ᠢᠶᠠᠨ ᠬᠤᠳᠠᠯᠳᠤᠨ ᠠᠪᠤᠪᠡᠯ ᠵᠤᠬᠢᠨ᠎ᠠ᠃ ᠭᠡᠷ ᠤᠨ ᠠᠬᠠᠮᠠᠳ ᠨᠠᠷ ᠦᠨᠡᠨᠴᠢ ᠢᠳᠡᠬᠡᠮᠵᠢᠳᠡᠢ ᠪᠣᠷᠣᠯᠠᠭᠤᠯᠬᠤ ᠲᠣᠤᠷ ᠴᠡᠭ᠂ ᠬᠤᠳᠠᠯᠳᠤᠭᠠᠨ ᠤ ᠬᠡᠲᠦ ᠳᠡᠯᠭᠡᠭᠦᠷ ᠢ ᠰᠣᠩᠭᠤᠨ ᠪᠣᠭᠤᠳᠠᠯ ᠪᠠᠭᠯᠠᠭ᠎ᠠ ᠨᠢ ᠪᠦᠬᠦᠯᠢ ᠪᠦᠳᠤᠨ᠂ ᠲᠠᠸᠠᠷ ᠤᠨ ᠲᠡᠮᠲᠡᠭ ᠨᠢ ᠪᠦᠷᠢᠨ ᠲᠣᠳᠣᠷᠬᠠᠶ ᠪᠦᠲᠦᠭᠡᠭᠳᠡᠬᠦᠨ ᠢ ᠰᠣᠩᠭᠤᠨ ᠠᠪᠴᠤ᠂ ᠬᠠᠭᠤᠷᠮᠠᠭ ᠮᠠᠭᠤ ᠪᠦᠳᠤᠬᠡᠭᠳᠡᠬᠦᠨ ᠬᠤᠳᠠᠯᠳᠤᠨ ᠠᠪᠬᠤ ᠠᠴᠠ ᠰᠡᠷᠭᠡᠶᠢᠯᠡᠬᠦ ᠶᠢ ᠰᠠᠨᠠᠭᠤᠯᠪᠠ᠃ ︽ᠰᠢᠳᠦᠨ ᠤ ᠬᠠᠨᠳᠠ ᠶᠢᠨ ᠪᠦᠲᠦᠭᠡᠭᠳᠡᠬᠦᠨ ᠢ ᠬᠢᠨᠠᠠ ᠬᠠᠮᠢᠶᠠᠷᠬᠤ ᠠᠷᠭ᠎ᠠ︾ ᠶᠢ ᠦᠨᠳᠦᠰᠦᠯᠡᠪᠡᠯ᠂ ᠰᠢᠳᠦᠨ ᠤ ᠬᠠᠨᠳᠠ ᠶᠢᠨ ᠪᠦᠲᠦᠭᠡᠭᠳᠡᠬᠦᠨ ᠢ ᠭᠤᠶᠣᠯᠠᠯ ᠤᠨ ᠡᠳ᠋ ᠤᠨ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠦᠢᠯᠡᠳᠪᠦᠷᠢᠯᠡᠵᠤ᠂ ᠬᠡᠷᠡᠭᠯᠡᠭᠴᠢᠳ ᠭᠠᠳᠠᠷ ᠪᠤᠭᠤᠳᠠᠯ  ᠳᠤᠨᠢ ︽ᠵᠢᠵᠢᠭ ᠳᠤᠭᠤᠯᠠᠭ᠎ᠠ︾ ᠶᠢᠨ ᠲᠡᠮᠳᠡᠭ ᠪᠠᠶᠢᠬᠤ ᠡᠰᠡᠬᠦ ᠶᠢ ᠣᠨᠴᠠᠭᠠᠶᠢᠯᠠᠨ ᠠᠩᠬᠠᠷᠬᠤ ᠬᠡᠷᠡᠭᠲᠡᠢ᠃    2. ᠪᠦᠲᠦᠭᠡᠭᠳᠡᠬᠦᠨ ᠤ ᠱᠣᠰᠢᠭ᠎ᠠ ᠲᠡᠮᠲᠡᠭ ᠢ ᠠᠩᠬᠠᠷᠪᠡᠯ ᠵᠤᠬᠢᠨ᠎ᠠ᠃ ᠭᠡᠷ ᠤᠨ ᠠᠬᠠᠮᠠᠳ ᠰᠢᠳᠤᠨ ᠤ ᠬᠠᠨᠳᠠ ᠶᠢᠨ ᠪᠦᠲᠦᠭᠡᠭᠳᠡᠬᠦᠨ ᠢ ᠰᠣᠩᠭᠤᠨ ᠬᠤᠳᠠᠯᠳᠤᠨ ᠠᠪᠬᠤ ᠳᠠᠭᠠᠨ ᠡᠩ  ᠲᠡᠷᠢᠭᠦᠨ ᠳᠤ ᠪᠦᠲᠦᠭᠡᠭᠳᠡᠬᠦᠨ ᠤ ᠭᠠᠳᠠᠷ ᠪᠣᠭᠤᠳᠠᠯ ᠤᠨ ᠱᠣᠰᠢᠭ᠎ᠠ ᠲᠡᠮᠳᠡᠭ ᠨᠢ ᠪᠦᠷᠢᠨ ᠭᠦᠢᠴᠡᠳ ᠪᠠᠶᠢᠬᠤ ᠡᠰᠡᠬᠦ ᠶᠢ ᠪᠠᠶᠢᠴᠠᠭᠠᠨ ᠦᠵᠡᠬᠦ ᠬᠡᠷᠡᠭᠲᠡᠢ᠂ ᠢᠯᠠᠩᠭᠤᠶ᠎ᠠ ᠭᠠᠳᠠᠭᠠᠳᠤ ᠠᠴᠠ ᠣᠷᠤᠭᠤᠯᠤᠭᠰᠠᠨ ᠰᠢᠳᠤᠨ ᠤ ᠬᠠᠨᠳᠠ ᠶᠢᠨ ᠪᠦᠳᠤᠬᠡᠭᠳᠡᠬᠦᠨ ᠨᠢ ᠡᠷᠬᠡᠪᠰᠢ ᠵᠢᠷᠤᠮᠵᠢᠭᠰᠠᠨ ᠬᠢᠲᠠᠳ ᠦᠰᠦᠭ ᠪᠤᠯᠤᠨ ᠱᠤᠰᠢᠭ᠎ᠠ ᠲᠡᠮᠳᠡᠭ ᠪᠠᠶᠢᠬᠤ ᠬᠡᠷᠡᠭᠲᠡᠢ᠃ ᠳᠠᠷᠠᠭᠠᠯᠠᠪᠠᠯ ᠬᠡᠤᠬᠡᠳ ᠲᠤ ᠳᠤᠬᠢᠷᠠᠬᠤ ᠨᠠᠰᠤᠨ ᠤ ᠪᠦᠳᠤᠬᠡᠭᠳᠡᠬᠦᠨ᠂ ᠤᠬᠠᠭᠤᠯᠭ᠎ᠠ ᠶᠢᠨ ᠦᠷ᠎ᠠ ᠠᠰᠢᠬ᠂ ᠪᠦᠷᠢᠯᠳᠦᠬᠦᠨ ᠵᠡᠷᠭᠡ ᠵᠦᠢᠯ ᠤᠳ ᠢ ᠭᠤᠣᠯᠳᠠᠯᠭ᠎ᠠ ᠲᠠᠢ ᠠᠩᠬᠠᠷᠴᠤ᠂ ᠰᠡᠳᠦᠯᠲᠡ ᠶᠢᠨ ᠴᠢᠨᠠᠷ ᠢᠶᠠᠷ ᠪᠠᠭ᠎ᠠ᠂ ᠬᠥᠭᠡᠰᠦᠷᠡᠬᠦ ᠬᠡᠮᠵᠢᠶ᠎ᠡ ᠪᠠᠷ ᠪᠠᠭ᠎ᠠ᠂  ᠬᠡᠦᠡᠳ ᠤᠨ ᠨᠠᠰᠤ ᠵᠢᠯ ᠳᠤ ᠲᠣᠬᠢᠷᠠᠭᠰᠠᠨ ᠪᠦᠲᠦᠭᠡᠭᠳᠡᠬᠦᠨ  ᠢ ᠬᠤᠳᠠᠯᠳᠤᠨ ᠠᠪᠬᠤ ᠶᠢ ᠰᠠᠨᠠᠭᠤᠯᠪᠠ᠃ 3 ᠨᠠᠰᠤᠨ ᠠᠴᠠ  ᠳᠣᠷᠤᠭᠰᠢ ᠬᠡᠦᠬᠡᠳ  ᠠᠯᠢ ᠴᠢᠳᠠᠬᠤ ᠪᠠᠷ ᠹᠯᠣᠷ  ᠠᠭᠤᠯᠤᠭᠰᠠᠠ ᠦᠭᠡᠶ ᠪᠦᠲᠦᠭᠡᠭᠳᠡᠬᠦᠨ ᠢ ᠰᠣᠩᠭᠤᠨ᠎ᠠ᠂ ᠬᠡᠷᠪᠡ ᠹᠯᠣᠷ ᠠᠭᠤᠯᠤᠭᠰᠠᠠ ᠪᠦᠲᠦᠭᠡᠭᠳᠡᠬᠦᠨ ᠢ ᠰᠤᠩᠭᠤᠬᠤ ᠳᠤ ᠬᠦᠷᠪᠡᠯ᠂ ᠤᠳᠠᠭ᠎ᠠ ᠪᠦᠷᠢ ᠶᠢᠨ ᠬᠡᠷᠡᠭᠯᠡᠬᠦ ᠬᠡᠮᠵᠢᠶ᠎ᠡ ᠶᠢ ᠸᠠᠨᠳ᠋ᠸᠦ ᠶᠢᠨ ᠵᠡᠷᠬᠡ ᠬᠡᠷᠡᠭᠯᠡᠵᠤ᠂ ᠰᠢᠳᠤᠨ ᠤ ᠬᠠᠨᠳᠠ ᠶᠢ ᠵᠠᠯᠭᠢᠬᠤ ᠠᠴᠠ ᠵᠠᠶᠢᠯᠠᠰᠭᠢᠬᠤ ᠬᠡᠷᠡᠭᠲᠡᠢ᠃    3. ᠪᠦᠲᠦᠭᠡᠭᠳᠡᠬᠦᠨ ᠤ ᠤᠬᠠᠭᠤᠯᠭ᠎ᠠ ᠶᠢᠨ ᠦᠷ᠎ᠠ ᠠᠰᠢᠬ ᠢ ᠪᠠᠶᠢᠴᠠᠭᠠᠨ ᠦᠵᠡᠬᠦ ᠴᠢᠬᠤᠯᠠᠳᠠᠢ᠃ ︽ᠰᠢᠳᠤᠨ ᠤ ᠬᠠᠨᠳᠠ ᠶᠢᠨ ᠪᠦᠲᠦᠭᠡᠭᠳᠡᠬᠦᠨ ᠢ ᠳᠠᠩᠰᠠᠯᠠᠭᠤᠯᠬᠤ ᠮᠠᠲ᠋ᠧᠷᠢᠶᠠᠯ ᠤᠨ ᠬᠠᠮᠢᠶᠠᠷᠤᠯᠲᠠ ᠶᠢᠨ ᠲᠤᠭᠲᠠᠭᠠᠯ︾ ᠶᠣᠰᠣᠭᠠᠷ ᠬᠡᠦᠬᠡᠳ ᠤᠨ ᠰᠢᠳᠤᠨ ᠤ ᠬᠠᠨᠳᠠ ᠶᠢᠨ ᠪᠦᠳᠤᠬᠡᠭᠳᠡᠬᠦᠨ ᠨᠢ ᠵᠥᠪᠬᠡᠨ ᠠᠷᠢᠭᠤᠨ ᠴᠡᠪᠡᠷ᠂ ᠬᠤᠷᠤᠬᠠᠶᠢᠲᠤᠬᠤ ᠠᠴᠠ ᠰᠡᠷᠭᠡᠶᠢᠯᠡᠬᠦ ᠦᠢᠯᠡᠳᠦᠯ ᠲᠠᠢ᠃ ᠡᠭᠦᠨ ᠤ ᠬᠠᠮᠲᠤ ︽ᠪᠦᠬᠦ ᠬᠥᠮᠦᠰ ᠲᠤ ᠲᠣᠬᠢᠷᠠᠬᠤ︾᠂ ︽ᠬᠡᠷ ᠪᠦᠯᠢ ᠶᠢᠨ ᠬᠦᠮᠤᠰ ᠪᠦᠷ ᠬᠡᠷᠡᠭᠯᠡᠵᠦ ᠪᠤᠯᠬᠤ︾ ᠵᠡᠷᠭᠡ ᠦᠭᠡ ᠦᠬᠦᠯᠠᠪᠤᠷᠢ ᠪᠤᠶᠤ ᠲᠠᠸᠠᠷ ᠤᠨ ᠲᠡᠮᠳᠡᠭ᠂ ᠵᠢᠷᠤᠭ ᠳᠦᠷᠰᠦ᠂ ᠴᠠᠭᠠᠨ ᠲᠣᠯᠣᠭᠠᠢ᠂ ᠲᠤᠭ᠎ᠠ ᠲᠡᠮᠳᠡᠭ᠂ ᠪᠣᠭᠤᠳᠠᠯ ᠪᠠᠭᠯᠠᠭ᠎ᠠ ᠵᠡᠷᠭᠡ ᠶᠢ ᠠᠰᠢᠭᠯᠠᠨ᠂ ᠪᠦᠲᠦᠭᠡᠭᠳᠡᠬᠦᠨ ᠤ ᠳᠤᠳᠤᠷ᠎ᠠ ᠬᠡᠦᠬᠡᠳ ᠤᠨ ᠪᠦᠲᠦᠭᠡᠭᠳᠡᠬᠦᠨ ᠢ ᠪᠠᠭᠲᠠᠭᠠᠭᠰᠠᠨ ᠪᠠᠶᠢᠪᠠᠯ ᠬᠡᠦᠬᠡᠳ ᠤᠨ ᠰᠢᠳᠤᠨ ᠤ ᠬᠠᠨᠳᠠ ᠶᠢᠨ ᠪᠦᠲᠦᠭᠡᠭᠳᠡᠬᠦᠨ ᠢ ᠬᠢᠨᠡᠨ ᠬᠠᠮᠢᠶᠠᠷᠬᠤ ᠠᠷᠭ᠎ᠠ ᠪᠠᠷ ᠬᠠᠮᠢᠶᠠᠷᠤᠨ᠎ᠠ᠃ ᠡᠶᠢᠮᠦ ᠪᠠᠷ ᠢᠶᠠᠨ ᠬᠡᠷᠡᠭᠯᠡᠭᠴᠢᠳ ᠪᠦᠲᠦᠭᠡᠭᠳᠡᠬᠦᠨ ᠢ ᠰᠣᠩᠭᠤᠵᠤ ᠬᠤᠳᠠᠯᠳᠤᠨ ᠠᠪᠬᠤ ᠳᠠᠭᠠᠨ ᠡᠷᠬᠡᠪᠰᠢ ᠨᠠᠷᠢᠨ  ᠠᠵᠢᠭᠯᠠᠵᠤ ᠬᠢᠨᠠᠮᠠᠭᠠᠢ ᠦᠵᠡᠬᠦ ᠬᠡᠷᠡᠭᠲᠡᠢ᠃    4. ᠰᠢᠳᠤᠨ ᠤ ᠬᠠᠨᠳᠠ ᠶᠢᠨ ᠪᠦᠲᠦᠭᠡᠭᠳᠡᠬᠦᠨ ᠤ ᠬᠤᠭᠤᠴᠠᠭ᠎ᠠ ᠶᠢ ᠨᠢ ᠠᠩᠬᠠᠷᠬᠤ ᠬᠡᠷᠡᠭᠲᠡᠢ᠃ ᠰᠢᠳᠤᠨ ᠤ ᠬᠠᠨᠳᠠ ᠶᠢᠨ ᠪᠦᠲᠦᠭᠡᠭᠳᠡᠬᠦᠨ ᠢ ᠬᠤᠳᠠᠯᠳᠤᠨ ᠠᠪᠬᠤ ᠳᠤ ᠰᠢᠳᠤᠨ ᠤ ᠬᠠᠨᠳᠠ ᠶᠢᠨ  ᠬᠠᠶᠢᠷᠴᠠᠭ ᠪᠤᠶᠤ ᠰᠢᠳᠤᠨ ᠤ ᠬᠠᠨᠳᠠ ᠶᠢᠨ ᠬᠤᠭᠤᠴᠠᠭ᠎ᠠ ᠶᠢ ᠠᠩᠬᠠᠷᠴᠤ᠂ ᠬᠡᠷᠡᠭᠯᠡᠬᠦ ᠬᠤᠭᠤᠴᠠᠭ᠎ᠠ ᠨᠢ ᠦᠩᠭᠡᠷᠡᠭᠰᠡᠨ ᠪᠤᠶᠤ ᠬᠤᠭᠤᠴᠠᠭ᠎ᠠ ᠠᠴᠠ ᠬᠡᠲᠦᠷᠡᠭᠰᠡᠨ ᠰᠢᠳᠤᠨ ᠤ ᠬᠠᠨᠳᠠ ᠶᠢᠨ ᠪᠦᠲᠦᠭᠡᠭᠳᠡᠬᠦᠨ ᠢ ᠬᠤᠳᠠᠯᠳᠤᠨ ᠠᠪᠴᠤ ᠪᠣᠯᠬᠤ ᠦᠭᠡᠢ᠃ ᠡᠭᠦᠨ ᠠᠴᠠ ᠭᠠᠳᠠᠨ᠎ᠠ᠂ ᠨᠢᠭᠡᠨᠲᠡ ᠵᠠᠳᠠᠯᠤᠭᠰᠠᠨ ᠰᠢᠳᠤᠨ ᠤ ᠬᠠᠨᠳᠠ ᠶᠢᠨ ᠪᠦᠲᠦᠭᠡᠭᠳᠡᠬᠦᠨ ᠢ ᠨᠢᠭᠡ ᠬᠤᠶᠠᠷ ᠰᠠᠷ᠎ᠠ ᠶᠢᠨ ᠳᠣᠲᠣᠷ᠎ᠠ ᠬᠡᠷᠡᠭᠯᠡᠵᠦ ᠳᠠᠭᠤᠰᠬᠤ ᠦᠬᠡᠢ ᠶᠤᠮ ᠪᠤᠯ ᠰᠢᠳᠤᠨ ᠤ ᠬᠠᠨᠳᠠ ᠶᠢᠨ ᠪᠦᠳᠤᠬᠡᠭᠳᠡᠬᠦᠨ ᠠᠮᠠᠷᠬᠠᠨ ᠴᠢᠨᠠᠷ ᠨᠢ ᠬᠤᠪᠢᠷᠠᠵᠤ ᠮᠡᠳᠡᠨ᠎ᠠ᠃    ︵︽ᠠᠷᠠᠳ ᠤᠨ ᠰᠦᠯᠵᠢᠶ᠎ᠡ︾ ᠠᠴᠠ ᠤᠷᠴᠢᠭᠤᠯᠤᠨ ᠨᠠᠶᠢᠷᠠᠭᠤᠯᠪᠠ︶     ᠨᠠᠶᠢᠷᠠᠭᠤᠯᠤᠭᠴᠢ᠄ ᠬᠦᠰᠡᠯᠡᠩ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠠ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号