12 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ 2024 ᠣᠨ ᠳᠤ ᠪᠥᠬᠦ ᠣᠷᠣᠨ ᠤ ᠡᠨᠧᠷᠭᠢ ᠶᠢᠨ | ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠨᠢ 3408 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠰᠡᠨ ᠪᠠᠯᠠ ᠣᠷᠣᠭᠤᠯᠤᠯᠲᠠ ︵3360 ᠳ᠋ᠦᠩᠰᠢᠭᠤᠷ | ᠲᠥᠭᠦᠷᠢᠭ︶ ᠪᠠᠨ 101.4% ᠪᠠᠷ ᠪᠡᠶᠡᠯᠡᠭᠦᠯᠪᠡ᠃ ᠡᠭᠦᠨ ᠳᠤ᠂ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ | ᠦᠢᠯᠡᠳᠬᠦ ᠲᠥᠷᠥᠯ ᠵᠦᠢᠯ ᠨᠢ 2707 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ | ᠪᠠᠷᠤᠭ ᠪᠦᠬᠦ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ 80% ᠶᠢ ᠡᠵᠡᠯᠡᠨ᠎ᠡ᠃ ᠲᠥᠷᠥᠯ ᠢᠶᠠᠷ ᠨᠢ | ᠠᠩᠭᠢᠯᠠᠪᠠᠯ᠂ ᠰᠢᠨ᠎ᠡ ᠡᠨᠧᠷᠭᠢ ᠶᠢᠨ ᠲᠥᠷᠥᠯ ᠵᠦᠢᠯ ᠨᠢ 1707 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠰᠡᠨ ᠪᠠᠯᠠ ᠣᠷᠣᠭᠤᠯᠤᠯᠲᠠ ᠪᠠᠨ 102% ᠢᠶᠠᠷ | ᠪᠡᠶᠡᠯᠡᠭᠦᠯᠪᠡ︔ ᠴᠠᠬᠢᠯᠭᠠᠨ ᠬᠦᠴᠦᠨ ᠤ ᠲᠥᠷᠥᠯ ᠵᠦᠢᠯ ᠨᠢ 470 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠰᠡᠨ ᠪᠠᠯᠠ ᠣᠷᠣᠭᠤᠯᠤᠯᠲᠠ ᠪᠠᠨ 103% ᠪᠠᠷ | ᠪᠡᠶᠡᠯᠡᠭᠦᠯᠪᠡ︔ ᠨᠡᠭᠦᠷᠡᠰᠦᠨ ᠤ ᠲᠥᠷᠥᠯ ᠵᠦᠢᠯ ᠨᠢ 171 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠪᠠᠨ 100% ᠪᠠᠷ ᠪᠡᠶᠡᠯᠡᠭᠦᠯᠪᠡ︔ ᠴᠢᠯᠠᠭᠤᠨ | ᠲᠣᠰᠣᠨ ᠤ ᠲᠥᠷᠥᠯ ᠵᠦᠢᠯ ᠨᠢ 60 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠪᠠᠨ 107% ᠪᠠᠷ ᠪᠡᠶᠡᠯᠡᠭᠦᠯᠪᠡ︔ ᠰᠢᠨ᠎ᠡ ᠡᠨᠧᠷᠭᠢ ᠶᠢᠨ ᠲᠤᠨᠤᠭ | ᠲᠥᠬᠦᠭᠡᠷᠦᠮᠵᠢ ᠦᠢᠯᠡᠳᠬᠦ ᠲᠥᠷᠥᠯ ᠵᠦᠢᠯ ᠨᠢ 1000 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠪᠠᠨ 100% ᠪᠠᠷ ᠪᠡᠶᠡᠯᠡᠭᠦᠯᠪᠡ᠃ ︵ | ᠡᠨᠧᠷᠭᠢ ᠶᠢᠨ ᠲᠣᠪᠴᠢᠶ᠎ᠠ︶ |