ᠲᠦᠩᠯᠢᠶᠣᠤ ᠬᠤᠲᠠ ᠪᠥᠬᠦ ᠤᠯᠤᠰ ᠲᠠᠬᠢ ᠠᠷᠠᠯᠵᠢᠶᠠᠨ ᠤ ᠠᠮᠤ ᠪᠤᠳᠠᠭ᠎ᠠ ᠶᠢ ᠰᠦᠯᠵᠢᠶ᠎ᠡ ᠪᠠᠷ ᠪᠠᠯᠠ ᠲᠣᠬᠢᠷᠠᠭᠤᠯᠭ᠎ᠠ ᠶᠢᠨ ᠠᠩᠬᠠᠳᠠᠭᠴᠢ ᠲᠤᠬᠠᠶᠢᠯᠠᠭᠰᠠᠨ ᠠᠵᠢᠯ ᠢ ᠤᠷᠤᠭᠰᠢᠲᠠᠶ ᠪᠡᠶᠡᠯᠡᠭᠦᠯᠪᠡ
ᠨᠡᠶᠢᠲᠡᠯᠡᠭᠰᠡᠨ ᠴᠠᠭ᠄
2025/1/6
    ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ ᠥᠷᠨᠢᠭᠦᠯᠬᠦ ᠲᠤᠬᠠᠢ ᠤᠯᠤᠰ ᠤᠨ ᠠᠮᠤ ᠪᠤᠳᠠᠭ᠎ᠠ ᠠᠷᠠᠯᠵᠢᠶᠠᠯᠠᠬᠤ ᠶᠢ ᠵᠣᠬᠢᠴᠠᠭᠤᠯᠬᠤ ᠲᠥᠪ ᠤᠨ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠤᠯᠤᠰ ᠤᠨ ᠠᠮᠤ ᠪᠤᠳᠠᠭ᠎ᠠ ᠠᠷᠠᠯᠵᠢᠶᠠᠯᠠᠬᠤ ᠶᠢ ᠵᠣᠬᠢᠴᠠᠭᠤᠯᠬᠤ ᠲᠥᠪ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠤᠯᠤᠰ ᠤᠨ ᠠᠮᠤ ᠪᠤᠳᠠᠭ᠎ᠠ ᠠᠷᠠᠯᠵᠢᠶᠠᠯᠠᠬᠤ ᠲᠠᠪᠴᠠᠩ ᠤᠨ ᠠᠷᠠᠯᠵᠢᠶᠠᠨ ᠤ ᠠᠮᠤ ᠪᠤᠳᠠᠭᠠᠨ ᠤ ᠪᠡᠯᠡ ᠲᠣᠬᠢᠷᠠᠭᠤᠯᠭ᠎ᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠬᠦ ᠠᠩᠬᠠᠳᠠᠭᠴᠢ ᠲᠤᠷᠰᠢᠯᠲᠠ ᠶᠢᠨ ᠮᠤᠵᠢ ᠪᠣᠯᠭᠠᠪᠠ᠃ 2024 ᠣᠨ ᠤ 12 ᠳ᠋ᠤᠭᠠᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠲᠦᠩ ᠯᠢᠶᠠᠩ ᠪᠦᠯᠦᠭᠯᠡᠯ ᠨᠢ ᠳᠤᠮᠳᠠᠳᠤ ᠤᠯᠤᠰ ᠤᠨ ᠭᠤᠸᠠᠩ ᠳ᠋ᠠ ᠪᠠᠩᠬᠢ ᠶᠢᠨ ᠪᠡᠭᠡᠵᠢᠩ ᠳᠠᠬᠢ ᠰᠢ ᡁᠢ ᠮᠧᠨ ᠰᠠᠯᠪᠤᠷᠢ ᠪᠠᠩᠬᠢ ᠯᠤᠭ᠎ᠠ ᠥᠪᠥᠷ ᠮᠣᠩᠭᠤᠯ ᠤᠨ ᠰᠢᠯᠢᠳᠡᠭ ᠴᠢᠨᠠᠷ ᠪᠦᠬᠦᠢ ᠠᠮᠤ ᠪᠤᠳᠠᠭ᠎ᠠ ᠲᠣᠰᠣᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠬᠤᠷᠠᠯ ᠳᠡᠭᠡᠷ᠎ᠡ ᠬᠠᠮᠲᠤᠷᠠᠯᠴᠠᠭᠠᠨ ᠤ ᠰᠠᠨᠠᠮᠵᠢ ᠲᠣᠬᠢᠷᠠᠯᠴᠠᠪᠠ᠃ 12 ᠳ᠋ᠤᠭᠠᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠲᠦᠩ ᠯᠢᠶᠠᠩ ᠪᠦᠯᠦᠭᠯᠡᠯ ᠤᠨ ᠶᠢᠨ ᠪᠦᠦ ᠳᠦᠨ ᠳᠠᠬᠢ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ᠨᠢ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠵᠠᠨ ᠬᠤᠩ ᠠᠮᠤ ᠪᠤᠳᠠᠭᠠᠨ ᠤ ᠠᠷᠠᠯᠵᠢᠶᠠᠨ ᠤ ᠬᠢᠵᠠᠭᠠᠷᠲᠤ ᠺᠣᠮᠫᠠᠨᠢ ᠯᠤᠭ᠎ᠠ 200 ᠲᠦᠮᠡᠨ ᠲᠥᠭᠦᠷᠢᠭ ᠤᠨ ᠠᠷᠠᠯᠵᠢᠶᠠᠨ ᠤ ᠠᠮᠤ ᠪᠤᠳᠠᠭᠠᠨ ᠤ ᠠᠷᠠᠯᠵᠢᠶ᠎ᠠ ᠪᠦᠲᠦᠭᠰᠡᠨ ᠭᠡᠷ᠎ᠡ ᠲᠣᠭᠲᠠᠪᠠ᠃ 12 ᠳ᠋ᠤᠭᠠᠷ ᠰᠠᠷ᠎ᠠ ᠶᠢᠨ 31 ᠤ ᠡᠳᠦᠷ᠂ ᠳᠤᠮᠳᠠᠳᠤ ᠤᠯᠤᠰ ᠤᠨ ᠭᠤᠸᠠᠩ ᠳ᠋ᠠ ᠪᠠᠩᠬᠢ ᠶᠢᠨ ᠪᠡᠭᠡᠵᠢᠩ ᠳᠠᠬᠢ ᠰᠢ ᡁᠢ ᠮᠧᠨ ᠰᠠᠯᠪᠤᠷᠢ ᠪᠠᠩᠬᠢ ᠨᠢ ᠰᠦᠯᠵᠢᠶ᠎ᠡ ᠪᠠᠷ ᠵᠠᠬᠢᠶᠠᠯᠠᠭ᠎ᠠ ᠶᠢᠨ ᠪᠡᠯᠡ ᠲᠣᠬᠢᠷᠠᠭᠤᠯᠭ᠎ᠠ ᠶᠢᠨ ᠲᠤᠬᠠᠶᠢᠯᠠᠭᠰᠠᠨ ᠠᠵᠢᠯ ᠢᠶᠠᠷ ᠳᠠᠮᠵᠢᠭᠤᠯᠤᠨ᠂ ᠲᠡᠭᠦᠨ ᠳᠤ 100 ᠲᠦᠮᠡᠨ ᠲᠥᠭᠦᠷᠢᠭ ᠤᠨ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠲᠠᠯᠪᠢᠵᠤ᠂ ᠪᠥᠬᠦ ᠤᠯᠤᠰ ᠲᠠᠬᠢ ᠠᠷᠠᠯᠵᠢᠶᠠᠨ ᠤ ᠠᠮᠤ ᠪᠤᠳᠠᠭ᠎ᠠ ᠶᠢ ᠰᠦᠯᠵᠢᠶ᠎ᠡ ᠪᠠᠷ ᠪᠡᠯᠡ ᠲᠣᠬᠢᠷᠠᠭᠤᠯᠭ᠎ᠠ ᠶᠢᠨ ᠠᠩᠬᠠᠳᠠᠭᠴᠢ ᠲᠤᠬᠠᠶᠢᠯᠠᠭᠰᠠᠨ ᠠᠵᠢᠯ ᠤᠷᠤᠭᠰᠢᠲᠠᠶ ᠲᠣᠬᠢᠷᠠᠯᠴᠠᠪᠠ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号